ᠯᠢᠨᠰᠢ ᠰᠢᠶᠠᠨ ᠰᠣᠶᠣᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ  ᠵᠦᠢᠯ   ᠤᠨ ᠭᠤᠤᠯ  ᠪᠠᠷᠢᠯᠭ᠎ᠠ  ᠶᠢ ᠲᠠᠭᠤᠰᠬᠠᠪᠠ
ᠨᠡᠶᠢᠲᠡᠯᠡᠭᠰᠡᠨ ᠴᠠᠭ᠄
2020-08-13
ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 1.2 ᠳ᠋ᠦᠩᠰᠢᠭᠤᠷ ︵ᠡᠭᠦᠨ ᠳᠤ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 6000 ᠲᠦᠮᠡ᠂ ᠳᠡᠯᠭᠡᠨ ᠦᠵᠡᠭᠦᠯᠬᠦ ᠪᠡᠯᠡ ᠣᠷᠣᠭᠤᠯᠤᠯᠲᠠ 4000 ᠲᠦᠮᠡᠨ ᠲᠥᠭᠦᠷᠢᠭ᠂ ᠳᠠᠭᠠᠯᠲᠠ ᠲᠥᠬᠦᠭᠡᠷᠦᠮᠵᠢ ᠶᠢᠨ ᠪᠡᠯᠡ ᠤᠷᠤᠭᠤᠯᠤᠯᠳᠠ 2000 ᠲᠦᠮᠡᠨ ᠲᠥᠭᠦᠷᠢᠭ︶᠂  ᠪᠠᠷᠢᠯᠭ᠎ᠠ   ᠨᠢ 46.42 ᠮᠦ ᠭᠠᠵᠠᠷ ᠡᠵᠡᠯᠡᠵᠦ᠂ ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ 19579 ᠲᠡᠭᠰᠢ ᠳᠥᠷᠪᠡᠯᠵᠢᠨ ᠮᠧᠲᠷ ᠪᠤᠯᠤᠨ᠎ᠠ᠃  ᠡᠭᠦᠨ ᠳᠤ ᠲᠡᠤᠬᠡ ᠶᠢᠨ ᠮᠦᠽᠧᠶ᠂ ᠨᠡᠭᠦᠳᠡᠯ ᠠᠷᠠᠳ ᠤᠨ ᠰᠣᠶᠣᠯ ᠤᠨ ᠦᠵᠡᠰᠬᠦᠯᠡᠩ ᠤᠨ ᠣᠷᠳᠣᠨ᠂ ᠬᠤᠪᠢᠰᠬᠠᠯ ᠤᠨ  ᠰᠤᠶᠤᠯ  ᠤᠨ ᠦᠵᠡᠰᠬᠦᠯᠡᠩ ᠤᠨ ᠣᠷᠳᠣᠨ᠂ ᠳᠠᠩᠰᠠ ᠡᠪᠬᠡᠮᠡᠯ ᠤᠨ ᠣᠷᠳᠣᠨ᠂ ᠨᠣᠮ ᠤᠨ ᠰᠠᠩ᠂ ᠣᠯᠠᠨ ᠴᠢᠳᠠᠮᠵᠢᠲᠤ  ᠮᠡᠳᠡᠭᠦᠯᠦᠯᠳᠡ  ᠶᠢᠨ ᠲᠢᠩᠬᠢᠮ ᠪᠠᠭᠲᠠᠨ᠎ᠠ ᠃ ᠣᠳᠣᠬᠠᠨ ᠪᠣᠯᠲᠠᠯ᠎ᠠ᠂ ᠨᠢᠭᠡᠨᠲᠡ 4500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠶᠢᠨ ᠭᠠᠳᠠᠷ ᠲᠠᠯ᠎ᠠ ᠶᠢ ᠵᠠᠰᠠᠨ ᠴᠢᠮᠡᠭᠯᠡᠬᠦ ᠠᠵᠢᠯ ᠦᠨᠳᠦᠰᠦᠨ ᠳᠡᠭᠡᠨ ᠳᠠᠭᠤᠰᠴᠤ᠂ ᠣᠳᠣ ᠶᠠᠭ ᠦᠵᠡᠭᠦᠯᠦᠭᠡ  ᠶᠢᠨ  ᠲᠠᠩᠬᠢᠮ   ᠢ  ᠵᠠᠰᠠᠵᠤ ᠪᠠᠶᠢᠨ᠎ᠠ᠃ ᠵᠢᠱᠢᠯᠲᠡ ᠪᠠᠷ ᠵᠢᠯ ᠤᠨ ᠡᠴᠦᠰ ᠠᠴᠠ ᠡᠮᠦᠨ᠎ᠡ ᠵᠢᠩᠬᠢᠨᠢ ᠪᠠᠷ ᠬᠡᠷᠡᠭᠯᠡᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号