ᠯᠢᠨᠰᠢ ᠰᠢᠶᠠᠨ ᠤ ᠰᠦ ᠷᠧᠨ ᠮᠠᠯᠵᠢᠯ ᠤᠨ ᠲᠠᠯᠠᠪᠠᠶ ᠨᠡᠶᠢᠲᠡ 1.3 ᠲᠦᠮᠡᠨ ᠮᠥ ᠣᠶᠢᠵᠢᠭᠤᠯᠪᠠ
ᠨᠡᠶᠢᠲᠡᠯᠡᠭᠰᠡᠨ ᠴᠠᠭ᠄
2020-08-13
ᠰᠦ ᠷᠧᠨ ᠮᠠᠯᠵᠢᠯ ᠤᠨ ᠲᠠᠯᠠᠪᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 2 ᠳ᠋ᠦᠩᠰᠢᠭᠤᠷ ᠲᠥᠭᠦᠷᠢᠭ ᠲᠤ ᠬᠦᠷᠴᠦ᠂ 10 ᠲᠦᠮᠡᠨ ᠮᠦ ᠮᠣᠳᠣ ᠲᠠᠷᠢᠵᠤ ᠣᠶᠢᠵᠢᠭᠤᠯᠬᠤ ᠪᠠᠷ ᠲᠥᠯᠥᠪᠯᠡᠵᠦ᠂ ᠲᠠᠯ᠎ᠠ ᠨᠤᠲᠤᠭ ᠤᠨ ᠵᠠᠩ ᠠᠭᠠᠯᠢ᠂ ᠬᠡᠭᠡᠷ᠎ᠡ ᠶᠢᠨ ᠵᠢᠮᠢᠰ ᠲᠡᠭᠦᠬᠦ᠂ ᠬᠤᠪᠣᠷ ᠴᠤᠬᠠᠭ ᠬᠢᠲᠠᠳ ᠡᠮ ᠤᠨ ᠮᠠᠲ᠋ᠧᠷᠢᠶᠠᠯ ᠢ ᠲᠠᠷᠢᠬᠤ᠂ ᠬᠢᠲᠠᠳ ᠡᠮ ᠢ ᠨᠠᠷᠢᠯᠢᠭ ᠡᠳᠡᠰᠢᠭᠦᠯᠬᠦ  ᠨᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠡᠳ᠋ᠯᠡᠩ ᠢ ᠴᠣᠭᠴᠠᠯᠠᠨ ᠪᠠᠶᠢᠭᠤᠯᠤᠨ᠎ᠠ᠃ ᠣᠳᠣᠬᠠᠨ ᠪᠣᠯᠲᠠᠯ᠎ᠠ᠂ ᠨᠢᠭᠡᠨᠲᠡ 6500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠭᠯᠠᠭ ᠠᠭᠤᠯᠠ᠂ ᠡᠵᠡᠭᠦᠶ ᠬᠥᠲᠥᠯ᠂ ᠡᠵᠡᠭᠦᠶ ᠡᠪᠡᠰᠦᠲᠦ ᠭᠠᠵᠠᠷ ᠪᠣᠯᠤᠨ ᠬᠠᠭᠤᠷᠠᠶ ᠲᠠᠷᠢᠶᠠᠨ ᠭᠠᠵᠠᠷ ᠢ ᠨᠢᠭᠡᠨᠲᠡ 4 ᠲᠦᠮᠡ ᠭᠠᠷᠤᠶ ᠮᠥ ᠰᠢᠯᠵᠢᠭᠦᠯᠦᠨ᠂ ᠨᠢᠭᠡᠨᠲᠡ ᠵᠢᠭᠠᠷᠲᠤ ᠨᠠᠷᠠᠰᠤ᠂ ᠬᠤᠰᠤ᠂ ᠭᠤᠤᠯᠲᠤ  ᠪᠤᠷᠦ  ᠵᠡᠷᠭᠡ ᠮᠣᠳᠣᠨ ᠤ ᠲᠥᠷᠥᠯ  ᠵᠦᠢᠯ ᠢ 67 ᠲᠦᠮᠡᠨ ᠰᠠᠭᠤᠷᠢ᠂ ᠨᠡᠶᠢᠲᠡ 1.3 ᠲᠦᠮᠡᠨ ᠮᠥ ᠳᠠᠷᠢᠪᠠ᠃ 128 ᠮᠦ ᠴᠢᠬᠢ ᠮᠣᠳᠣᠨ ᠤ ᠬᠦᠷᠢᠶᠡᠯᠡᠩ ᠢ ᠪᠡᠶᠡᠯᠡᠭᠦᠯᠵᠦ᠂ 51.6 ᠺᠢᠯᠣᠮᠧᠲᠷ ᠠᠵᠢᠯᠯᠠᠭᠠᠨ ᠤ ᠵᠠᠮ ᠵᠠᠰᠠᠵᠤ᠂ ᠲᠠᠷᠢᠶᠠᠯᠠᠩ᠂ ᠠᠮᠢ ᠠᠬᠤᠶ᠂ ᠰᠣᠶᠣᠯ ᠪᠠ ᠵᠢᠭᠤᠯᠴᠢᠯᠠᠯ ᠵᠡᠷ ᠭᠡ ᠭᠦᠨᠵᠡᠭᠡᠶ ᠠᠭᠤᠰᠤᠯᠴᠠᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠦᠷᠭᠡᠨ ᠪᠣᠶ ᠪᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号