ᠤᠩᠨᠢᠭᠤᠳ ᠬᠤᠰᠢᠭᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠰᠢᠨ᠎ᠡ ᠵᠠᠮ ᠢ ᠨᠡᠪᠳᠡᠷᠡᠬᠦᠯᠪᠠ
ᠨᠡᠶᠢᠲᠡᠯᠡᠭᠰᠡᠨ ᠴᠠᠭ᠄
2021/1/5
 ᠲᠠᠷᠢᠶᠠᠯᠠᠩ ᠤᠨ ᠪᠦᠲᠦᠭᠡᠭᠳᠡᠬᠦᠨ ᠤ ᠡᠯᠧᠺᠳ᠋ᠷᠣᠨ ᠬᠤᠳᠠᠯᠳᠤᠭᠠᠨ ᠤ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠰᠢ ᠭᠠᠷᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ ᠂ ᠣᠶᠢᠷ᠎ᠠ ᠳᠤ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠣᠩᠨᠢᠭᠤᠳ ᠬᠤᠰᠢᠭᠤ ᠨᠢ ᠪᠥᠬᠦ ᠤᠯᠤᠰ ᠤᠨ ᠣᠷᠭᠠᠨᠢᠭ ᠲᠠᠷᠢᠶᠠᠯᠠᠩ ᠢ ᠪᠦᠬᠦᠯᠢ ᠴᠣᠭᠴᠠ ᠪᠠᠷ ᠲᠦᠯᠬᠢᠨ ᠠᠬᠢᠭᠤᠯᠤᠭᠰᠠᠨ ᠲᠡᠷᠢᠬᠦᠨ ᠤ ᠬᠤᠰᠢᠭᠤ᠂ ᠤᠯᠤᠰ ᠤᠨ ᠲᠠᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠲᠠᠪᠤᠨ ᠵᠠᠭᠤᠨ ᠠᠮᠤ ᠪᠤᠳᠠᠭᠠᠨ ᠤ ᠲᠣᠮᠣ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠣᠲᠣ ᠪᠠᠶᠢᠭ᠎ᠠ ᠲᠠᠷᠢᠶᠠᠨ ᠭᠠᠵᠠᠷ 515 ᠲᠦᠮᠡᠨ ᠮᠥ᠂ ᠠᠮᠤ ᠪᠤᠳᠠᠭᠠᠨ ᠤ ᠵᠢᠯ ᠤᠨ ᠶᠡᠷᠦᠩᠬᠡᠶ ᠤᠨᠠᠯᠲᠠ ᠨᠢ 35 ᠳ᠋ᠦᠩᠰᠢᠭᠤᠷ ᠵᠢᠩ ᠠᠴᠠ ᠳᠡᠭᠡᠭᠰᠢ ᠪᠤᠯᠤᠨ᠎ᠠ᠃ ᠵᠥᠪᠯᠡᠯᠴᠡᠭᠡᠷ ᠲᠤᠭᠳᠠᠭᠰᠠᠨ ᠨᠢ ᠬᠤᠶᠠᠷ ᠲᠠᠯ᠎ᠠ ᠪᠠᠷ ᠢᠶᠠᠨ ᠣᠩᠨᠢᠭᠤᠳ ᠬᠤᠰᠢᠭᠤᠨ ᠤ ᠬᠥᠳᠡᠭᠡ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠳᠤᠮᠳᠠᠳᠤ ᠶᠢᠨ ᠠᠮᠤ ᠪᠤᠳᠠᠭ᠎ᠠ ᠬᠤᠳᠠᠯᠳᠤᠨ ᠠᠪᠬᠤ ᠰᠦᠯᠵᠢᠶᠡᠨ ᠤ ᠡᠯᠧᠺᠳ᠋ᠷᠣᠨ ᠬᠤᠳᠠᠯᠳᠤᠭᠠᠨ ᠤ ᠠᠷᠭ᠎ᠠ ᠵᠠᠮ ᠪᠣᠯᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠣᠭᠲᠠᠭᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠷᠢᠴᠠᠭ᠎ᠠ ᠪᠣᠯᠤᠨ ᠬᠠᠮᠳᠤᠷᠠᠯᠴᠠᠬᠤ ᠲᠣᠭᠲᠠᠴᠠ ᠶᠢ ᠪᠠᠶᠢᠭᠤᠯᠵᠤ᠂ ᠣᠩᠨᠢᠭᠤᠳ ᠬᠤᠰᠢᠭᠤᠨ ᠤ ᠤᠨᠴᠠᠯᠢᠬᠳᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠪᠠ ᠲᠦᠷᠦᠯ ᠲᠡᠮᠳᠡᠭᠵᠢᠭᠦᠯᠬᠦ ᠵᠡᠷᠭᠡ ᠦᠨᠳᠦᠰᠦᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠰᠢᠭᠲᠠᠢ᠃ ᠭᠦᠨᠵᠡᠭᠡᠶ ᠬᠠᠮᠲᠤᠷᠠᠯᠴᠠᠭ᠎ᠠ ᠪᠠᠷ ᠳᠠᠮᠵᠢᠭᠤᠯᠤᠨ᠂ ᠨᠠᠷᠠᠲᠤ ᠲᠡᠮᠳᠡᠭᠲᠦ ᠶᠢ ᠪᠤᠶᠢᠵᠢᠭᠤᠯᠬᠤ᠂ ᠨᠠᠷᠢᠯᠢᠭ ᠪᠣᠯᠪᠠᠰᠤᠷᠠᠭᠤᠯᠬᠤ᠂ ᠪᠣᠭᠤᠳᠠᠯ ᠵᠢᠷᠤᠵᠤ ᠲᠥᠯᠥᠪᠯᠡᠬᠦ᠂ ᠪᠦᠲᠦᠭᠡᠭᠳᠡᠬᠦᠨ ᠢ ᠳᠡᠯᠭᠡᠷᠡᠭᠦᠯᠬᠦ᠂ ᠡᠯᠧᠺᠳ᠋ᠷᠣᠨ ᠬᠤᠳᠠᠯᠳᠤᠭᠠᠨ ᠤ ᠡᠵᠡᠩᠨᠡᠯᠲᠡ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠨ᠂ ᠣᠩᠨᠢᠭᠤᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠤᠤᠷ ᠰᠦᠯᠵᠢᠶᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠠᠩ ᠴᠢᠨᠠᠷ ᠰᠠᠶᠢᠲᠠᠶ ᠣᠩᠨᠢᠭᠤᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠣᠩᠨᠢᠭᠤᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠣᠩᠨᠢᠭᠤᠳ ᠬᠤᠰᠢᠭᠤᠨ ᠤ ᠣᠨᠴᠠᠯᠢᠭ ᠪᠥᠬᠦᠶ ᠴᠢᠨᠠᠷ ᠰᠠᠶᠢᠲᠠᠶ᠂ ᠪᠣᠬᠢᠷᠲᠤᠯ ᠥᠬᠡᠶ ᠠᠮᠢ ᠠᠬᠤᠶ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ ᠭᠠᠷᠬᠤ ᠳᠤ ᠬᠦᠴᠦᠨ ᠨᠡᠮᠡᠷᠢᠯᠡᠬᠦ ᠪᠤᠯᠤᠨ᠎ᠠ᠃    
 
ᠢᠷᠡᠯᠲᠡ᠄ ᠤᠯᠠᠭᠠᠨᠬᠠᠳᠠ ᠬᠤᠳᠠ  ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号