ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/5
2020 ᠣᠨ ᠤ 12 ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ ︵ᠰᠠᠨᠠᠯ ᠬᠤᠷᠢᠶᠠᠬᠤ ᠨᠣᠤᠷᠠᠭ︶︾ ᠪᠣᠯᠤᠨ ᠮᠠᠨ ᠤ ᠬᠤᠲᠠ ᠶᠢᠨ 2021 ᠣᠨ ᠤ ᠠᠵᠤ ᠠᠬᠤᠶ ᠶᠢᠨ ᠠᠵᠢᠯ ᠤᠨ ᠰᠡᠳᠬᠢᠴᠡ ᠶᠢ ᠰᠤᠳᠤᠯᠤᠨ ᠶᠠᠷᠢᠯᠴᠠᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠪᠣᠯᠤᠨ᠎ᠠ᠂ ᠮᠥᠨᠴᠦ ᠤᠯᠠᠭᠠᠨᠬᠠᠳᠠ ᠶᠢᠨ ᠳᠡᠪᠡᠯᠲᠡ ᠲᠠᠢ ᠭᠥᠭᠵᠢᠨ ᠮᠠᠨᠳᠤᠬᠤ ᠶᠢ ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠤᠯᠠᠭᠠᠨᠬᠠᠳᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠬᠢᠯᠡᠯᠲᠡ ᠶᠢᠨ ᠵᠢᠯ ᠪᠣᠯᠤᠨ᠎ᠠ᠂ 2021 ᠣᠨ ᠤ ᠪᠥᠬᠦ ᠬᠤᠲᠠ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠦᠢᠯ ᠤᠨ ᠴᠢᠬᠤᠯᠠ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠣᠳᠣᠬᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠶᠡᠭᠡ ᠬᠠᠨᠳᠤᠰᠢ ᠶᠢ ᠣᠨᠣᠪᠴᠢᠲᠠᠶ ᠡᠵᠡᠮᠳᠡᠨ᠂ ᠭᠦᠨᠵᠡᠭᠡᠶ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ 2021 ᠣᠨ ᠤ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ ᠲᠣᠭᠲᠠᠭᠠᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ 2021 ᠣᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢ ᠪᠣᠳᠠᠲᠠᠢ ᠪᠠᠷ ᠠᠬᠢᠭᠤᠯᠵᠤ᠂ ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠴᠢᠨᠠᠷ ᠰᠠᠢᠲᠠᠢ ᠬᠥᠭᠵᠢᠯᠲᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠪᠠ ᠬᠡᠷᠡᠭᠯᠡᠭᠡ ᠶᠢ ᠬᠥᠭᠵᠢᠭᠡᠬᠦ ᠬᠤᠶᠠᠷ ᠲᠠᠯ᠎ᠠ ᠪᠠᠷ ᠵᠡᠷᠭᠡ ᠪᠠᠷ ᠬᠦᠴᠦᠯᠡᠵᠦ᠂ ᠮᠠᠨ ᠤ ᠬᠤᠳᠠ ᠶᠢᠨ ᠠᠵᠤ ᠠᠬᠤᠢ ᠶᠢᠨ ᠡᠷᠭᠢᠯᠲᠡ ᠶᠢᠨ ᠵᠣᠬᠢᠰᠲᠠᠢ ᠬᠡᠪᠴᠢᠶᠡᠨ ᠳᠤ ᠪᠠᠶᠢᠬᠤ ᠶᠢ ᠴᠢᠷᠮᠠᠶᠢᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠸᠠᠩ ᠸᠠᠩ ᠱᠧᠩ᠂ ᠸᠠᠩ ᠭᠦᠸᠧ ᠰᠧᠨ᠂ ᠬᠤᠸᠠᠩ ᠭᠦᠸᠧ ᠸᠧᠨ᠂ ᠵᠧᠦ ᠶᠢᠨ ᠵᠤᠸᠠᠩ᠂ ᠴᠧᠨ ᠵᠠᠨ ᠶᠢᠩ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠳᠠ  ᠶᠢᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号