ᠲᠠᠷᠢᠶᠠᠯᠠᠩ ᠤᠨ ᠪᠦᠲᠦᠭᠡᠭᠳᠡᠬᠦᠨ ᠤ ᠡᠯᠧᠺᠳ᠋ᠷᠣᠨ ᠬᠤᠳᠠᠯᠳᠤᠭᠠᠨ ᠤ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ | ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠰᠢ ᠭᠠᠷᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢᠨ ᠲᠥᠯᠥᠭᠡ | ᠂ ᠣᠶᠢᠷ᠎ᠠ ᠳᠤ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ | ᠠᠮᠤ ᠪᠤᠳᠠᠭᠠᠨ ᠤ ᠪᠦᠯᠦᠭᠯᠡᠯ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠣᠩᠨᠢᠭᠤᠳ ᠬᠤᠰᠢᠭᠤ ᠨᠢ ᠪᠥᠬᠦ | ᠤᠯᠤᠰ ᠤᠨ ᠣᠷᠭᠠᠨᠢᠭ ᠲᠠᠷᠢᠶᠠᠯᠠᠩ ᠢ ᠪᠦᠬᠦᠯᠢ ᠴᠣᠭᠴᠠ ᠪᠠᠷ ᠲᠦᠯᠬᠢᠨ ᠠᠬᠢᠭᠤᠯᠤᠭᠰᠠᠨ ᠲᠡᠷᠢᠬᠦᠨ ᠤ ᠬᠤᠰᠢᠭᠤ᠂ | ᠤᠯᠤᠰ ᠤᠨ ᠲᠠᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠲᠠᠪᠤᠨ ᠵᠠᠭᠤᠨ ᠠᠮᠤ | ᠪᠤᠳᠠᠭᠠᠨ ᠤ ᠲᠣᠮᠣ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠣᠲᠣ ᠪᠠᠶᠢᠭ᠎ᠠ ᠲᠠᠷᠢᠶᠠᠨ ᠭᠠᠵᠠᠷ 515 ᠲᠦᠮᠡᠨ | ᠮᠥ᠂ ᠠᠮᠤ ᠪᠤᠳᠠᠭᠠᠨ ᠤ ᠵᠢᠯ ᠤᠨ ᠶᠡᠷᠦᠩᠬᠡᠶ ᠤᠨᠠᠯᠲᠠ ᠨᠢ 35 ᠳ᠋ᠦᠩᠰᠢᠭᠤᠷ ᠵᠢᠩ ᠠᠴᠠ ᠳᠡᠭᠡᠭᠰᠢ ᠪᠤᠯᠤᠨ᠎ᠠ᠃ | ᠵᠥᠪᠯᠡᠯᠴᠡᠭᠡᠷ ᠲᠤᠭᠳᠠᠭᠰᠠᠨ ᠨᠢ ᠬᠤᠶᠠᠷ ᠲᠠᠯ᠎ᠠ ᠪᠠᠷ ᠢᠶᠠᠨ ᠣᠩᠨᠢᠭᠤᠳ ᠬᠤᠰᠢᠭᠤᠨ ᠤ ᠬᠥᠳᠡᠭᠡ ᠠᠵᠤ ᠠᠬᠤᠢ ᠶᠢᠨ | ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠳᠤᠮᠳᠠᠳᠤ ᠶᠢᠨ ᠠᠮᠤ ᠪᠤᠳᠠᠭ᠎ᠠ ᠬᠤᠳᠠᠯᠳᠤᠨ ᠠᠪᠬᠤ | ᠰᠦᠯᠵᠢᠶᠡᠨ ᠤ ᠡᠯᠧᠺᠳ᠋ᠷᠣᠨ ᠬᠤᠳᠠᠯᠳᠤᠭᠠᠨ ᠤ ᠠᠷᠭ᠎ᠠ ᠵᠠᠮ ᠪᠣᠯᠤᠨ ᠲᠠᠪᠴᠠᠩ ᠤᠨ ᠡᠬᠢ ᠪᠠᠶᠠᠯᠢᠭ ᠢ ᠭᠦᠢᠴᠡᠳ | ᠠᠰᠢᠭᠯᠠᠵᠤ᠂ ᠲᠣᠭᠲᠠᠭᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠷᠢᠴᠠᠭ᠎ᠠ ᠪᠣᠯᠤᠨ ᠬᠠᠮᠳᠤᠷᠠᠯᠴᠠᠬᠤ | ᠲᠣᠭᠲᠠᠴᠠ ᠶᠢ ᠪᠠᠶᠢᠭᠤᠯᠵᠤ᠂ ᠣᠩᠨᠢᠭᠤᠳ ᠬᠤᠰᠢᠭᠤᠨ ᠤ ᠤᠨᠴᠠᠯᠢᠬᠳᠤ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠪᠠ ᠲᠦᠷᠦᠯ ᠲᠡᠮᠳᠡᠭᠵᠢᠭᠦᠯᠬᠦ ᠵᠡᠷᠭᠡ | ᠦᠨᠳᠦᠰᠦᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠰᠢᠭᠲᠠᠢ᠃ ᠭᠦᠨᠵᠡᠭᠡᠶ ᠬᠠᠮᠲᠤᠷᠠᠯᠴᠠᠭ᠎ᠠ ᠪᠠᠷ | ᠳᠠᠮᠵᠢᠭᠤᠯᠤᠨ᠂ ᠨᠠᠷᠠᠲᠤ ᠲᠡᠮᠳᠡᠭᠲᠦ ᠶᠢ ᠪᠤᠶᠢᠵᠢᠭᠤᠯᠬᠤ᠂ ᠨᠠᠷᠢᠯᠢᠭ ᠪᠣᠯᠪᠠᠰᠤᠷᠠᠭᠤᠯᠬᠤ᠂ ᠪᠣᠭᠤᠳᠠᠯ ᠵᠢᠷᠤᠵᠤ | ᠲᠥᠯᠥᠪᠯᠡᠬᠦ᠂ ᠪᠦᠲᠦᠭᠡᠭᠳᠡᠬᠦᠨ ᠢ ᠳᠡᠯᠭᠡᠷᠡᠭᠦᠯᠬᠦ᠂ ᠡᠯᠧᠺᠳ᠋ᠷᠣᠨ ᠬᠤᠳᠠᠯᠳᠤᠭᠠᠨ ᠤ ᠡᠵᠡᠩᠨᠡᠯᠲᠡ ᠵᠡᠷᠭᠡ ᠣᠯᠠᠨ | ᠵᠦᠢᠯ ᠤᠨ ᠠᠷᠭ᠎ᠠ ᠪᠠᠷᠢᠯ ᠢ ᠬᠡᠷᠡᠭᠯᠡᠨ᠂ ᠣᠩᠨᠢᠭᠤᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ | ᠲᠤᠤᠷ ᠰᠦᠯᠵᠢᠶᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠠᠩ ᠴᠢᠨᠠᠷ ᠰᠠᠶᠢᠲᠠᠶ ᠣᠩᠨᠢᠭᠤᠳ ᠬᠤᠰᠢᠭᠤᠨ ᠤ | ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠣᠩᠨᠢᠭᠤᠳ ᠬᠤᠰᠢᠭᠤᠨ ᠤ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ | ᠣᠩᠨᠢᠭᠤᠳ ᠬᠤᠰᠢᠭᠤᠨ ᠤ ᠣᠨᠴᠠᠯᠢᠭ ᠪᠥᠬᠦᠶ ᠴᠢᠨᠠᠷ ᠰᠠᠶᠢᠲᠠᠶ᠂ ᠪᠣᠬᠢᠷᠲᠤᠯ ᠥᠬᠡᠶ ᠠᠮᠢ ᠠᠬᠤᠶ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ ᠭᠠᠷᠬᠤ ᠳᠤ ᠬᠦᠴᠦᠨ ᠨᠡᠮᠡᠷᠢᠯᠡᠬᠦ ᠪᠤᠯᠤᠨ᠎ᠠ᠃ | | |