ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/5
2020 ᠣᠨ ᠤ 12 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ ︵ᠰᠠᠨᠠᠯ ᠬᠤᠷᠢᠶᠠᠬᠤ ᠨᠣᠤᠷᠠᠭ︶︾ ᠪᠣᠯᠤᠨ ᠮᠠᠨ ᠤ ᠬᠤᠲᠠ ᠶᠢᠨ 2021 ᠣᠨ ᠤ ᠠᠵᠤ ᠠᠬᠤᠶ ᠶᠢᠨ ᠠᠵᠢᠯ ᠤᠨ ᠰᠡᠳᠬᠢᠴᠡ ᠶᠢ ᠰᠤᠳᠤᠯᠤᠨ ᠶᠠᠷᠢᠯᠴᠠᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠪᠣᠯᠤᠨ᠎ᠠ᠂ ᠮᠥᠨᠴᠦ ᠤᠯᠠᠭᠠᠨᠬᠠᠳᠠ ᠶᠢᠨ ᠳᠡᠪᠡᠯᠲᠡ ᠲᠠᠢ ᠭᠥᠭᠵᠢᠨ ᠮᠠᠨᠳᠤᠬᠤ ᠶᠢ ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠤᠯᠠᠭᠠᠨᠬᠠᠳᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ 2021 ᠣᠨ ᠤ ᠪᠥᠬᠦ ᠬᠤᠲᠠ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠦᠢᠯ ᠤᠨ ᠴᠢᠬᠤᠯᠠ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠣᠳᠣᠬᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠶᠡᠭᠡ ᠬᠠᠨᠳᠤᠰᠢ ᠶᠢ ᠣᠨᠣᠪᠴᠢᠲᠠᠶ ᠡᠵᠡᠮᠳᠡᠨ᠂ ᠭᠦᠨᠵᠡᠭᠡᠶ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ 2021 ᠣᠨ ᠤ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ ᠲᠣᠭᠲᠠᠭᠠᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ 2021 ᠣᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢ ᠪᠣᠳᠠᠲᠠᠢ ᠪᠠᠷ ᠠᠬᠢᠭᠤᠯᠵᠤ᠂ ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠴᠢᠨᠠᠷ ᠰᠠᠢᠲᠠᠢ ᠬᠥᠭᠵᠢᠯᠲᠡ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠪᠠ ᠬᠡᠷᠡᠭᠯᠡᠭᠡ ᠶᠢ ᠬᠥᠭᠵᠢᠭᠡᠬᠦ ᠬᠤᠶᠠᠷ ᠲᠠᠯ᠎ᠠ ᠪᠠᠷ ᠵᠡᠷᠭᠡ ᠪᠠᠷ ᠬᠦᠴᠦᠯᠡᠵᠦ᠂ ᠮᠠᠨ ᠤ ᠬᠤᠳᠠ ᠶᠢᠨ ᠠᠵᠤ ᠠᠬᠤᠢ ᠶᠢᠨ ᠡᠷᠭᠢᠯᠲᠡ ᠶᠢᠨ ᠵᠣᠬᠢᠰᠲᠠᠢ ᠬᠡᠪᠴᠢᠶᠡᠨ ᠳᠤ ᠪᠠᠶᠢᠬᠤ ᠶᠢ ᠴᠢᠷᠮᠠᠶᠢᠨ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠸᠠᠩ ᠸᠠᠩ ᠱᠧᠩ᠂ ᠸᠠᠩ ᠭᠦᠸᠧ ᠰᠧᠨ᠂ ᠬᠤᠸᠠᠩ ᠭᠦᠸᠧ ᠸᠧᠨ᠂ ᠵᠧᠦ ᠶᠢᠨ ᠵᠤᠸᠠᠩ᠂ ᠴᠧᠨ ᠵᠠᠨ ᠶᠢᠩ ᠵᠢᠴᠢ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠳᠠ  ᠶᠢᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号