ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠪᠠ ᠥᠷᠭᠡᠳᠬᠡᠬᠦ ᠲᠤᠬᠠᠢ ᠠᠷᠭ᠎ᠠ ᠬᠡᠮᠵᠢᠶ᠎ᠡ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/1/6
ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠪᠠ ᠥᠷᠭᠡᠳᠬᠡᠬᠦ ᠲᠤᠬᠠᠢ ᠠᠷᠭ᠎ᠠ ᠬᠡᠮᠵᠢᠶ᠎ᠡ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ︹2020︺ 19 ᠳ᠋ᠦ᠋ᠭᠡᠷ ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ︽ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠳᠤᠭᠲᠠᠪᠤᠷᠢᠵᠢᠭᠤᠯᠬᠤ ᠪᠠ ᠥᠷᠭᠡᠳᠬᠡᠬᠦ ᠲᠤᠬᠠᠶ ᠠᠷᠭ᠎ᠠ ᠬᠡᠮᠵᠢᠶ᠎ᠡ ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ 2020 ᠣᠨ ᠤ 6 ᠰᠠᠷ᠎ᠠ ᠶᠢᠨ 21 ᠤ ᠡᠳᠦᠷ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠤᠯᠠᠮ ᠨᠢᠭᠡ ᠠᠯᠬᠤᠮ ᠳᠤᠭᠲᠠᠪᠤᠷᠢᠵᠢᠭᠤᠯᠬᠤ ᠪᠠ ᠥᠷᠭᠡᠳᠬᠡᠬᠦ ᠲᠤᠬᠠᠶ ᠠᠷᠭ᠎ᠠ ᠬᠡᠮᠵᠢᠶ᠎ᠡ ᠨᠦᠭᠦᠳ ᠶᠡᠷᠦᠩᠬᠡᠶ ᠱᠦᠵᠢ ᠰᠢ ᠶᠢᠨ ᠫᠢᠩ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠵᠤ᠂ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠪᠣᠯᠤᠨ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ ᠦᠷᠭᠡᠳᠬᠡᠬᠦ ᠶᠢᠨ ᠲᠤᠰᠠᠲᠠ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠭᠡᠯᠡᠯ ᠢ ᠠᠷᠭᠠᠴᠠᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 6 ᠳ᠋ᠤᠭᠠᠷ ᠲᠣᠭᠠᠲᠤ︶᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠵᠤ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ ᠨᠢᠭᠡ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠬᠤ ᠬᠡᠪᠴᠢᠶ᠎ᠡ ᠶᠢ ᠥᠷᠭᠡᠳᠬᠡᠨ᠎ᠡ ᠰᠢᠨ᠎ᠡ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠵᠤᠷᠢᠭᠵᠢᠭᠤᠯᠵᠤ᠂ ᠡᠳᠦᠷ ᠤᠨ ᠬᠦᠴᠦᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠴᠢᠬᠤᠯᠠ ᠶᠡᠭᠡ ᠠᠵᠤ ᠠᠬᠤᠶ ᠶᠢᠨ ᠠᠵᠢᠯᠯᠠᠭ᠎ᠠ ᠶᠢᠨ ᠠᠵᠢᠯ ᠣᠯᠭᠤᠯᠲᠠ ᠶᠢ ᠳᠠᠶᠢᠴᠢᠯᠠᠬᠤ ᠦᠨᠡᠯᠡᠨ ᠵᠢᠱᠢᠬᠦ ᠲᠤᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠠ ᠳᠦᠷᠦᠯ ᠵᠦᠢᠯ ᠢ ᠡᠩ ᠲᠡᠷᠢᠭᠦᠨ ᠳᠤ ᠣᠷᠣᠭᠤᠯᠤᠨ ᠠᠪᠴᠢᠷᠠᠨ᠎ᠠ᠃ ᠴᠢᠬᠤᠯᠠ ᠶᠡᠭᠡ ᠲᠥᠷᠥᠯ ᠵᠦᠢᠯ ᠤᠨ ᠠᠵᠢᠯ ᠣᠯᠭᠤᠯᠲᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠩᠭᠠᠯᠭ᠎ᠠ ᠬᠡᠷᠡᠭᠴᠡᠭᠡ ᠶᠢᠨ ᠵᠤᠯᠭᠠᠯᠲᠠ ᠶᠢ ᠠᠬᠢᠭᠤᠯᠤᠨ᠂ ᠠᠵᠢᠯ ᠣᠯᠭᠤᠬᠤ ᠠᠵᠢᠯ ᠤᠨ ᠪᠠᠶᠢᠷᠢ ᠶᠢ ᠨᠠᠶᠢᠳᠠᠪᠦᠷᠢᠵᠢᠭᠤᠯᠤᠨ᠎ᠠ᠃ ᠬᠤᠶᠠᠷ᠂ ᠠᠵᠢᠯ ᠣᠯᠭᠤᠬᠤ ᠦᠯᠡᠳᠡᠭᠡᠯ ᠢ ᠠᠮᠢᠳᠤᠯᠢᠭᠵᠢᠭᠤᠯᠤᠨ᠂ ᠠᠵᠢᠯ ᠣᠯᠭᠤᠬᠤ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠤᠨ᠎ᠠ ︽ᠬᠠᠰᠤᠬᠤ᠂ ᠬᠡᠯᠲᠦᠷᠢᠭᠦᠯᠬᠦ᠂ ᠪᠤᠴᠠᠭᠠᠬᠤ᠂ ᠬᠤᠶᠢᠰᠢᠯᠠᠭᠤᠯᠬᠤ᠂ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠣᠨ︾ ᠤ ᠠᠵᠢᠯᠯᠠᠭ᠎ᠠ ᠥᠷᠨᠢᠭᠦᠯᠵᠦ᠂ ᠪᠦᠬᠦ ᠶᠠᠪᠤᠴᠠ᠂ ᠬᠢᠨᠠᠨ ᠬᠠᠷᠭᠤᠭᠤᠯᠵᠤ ᠪᠣᠯᠬᠤ᠂ ᠱᠠᠭᠠᠷᠳᠠᠨ ᠪᠠᠶᠢᠴᠠᠭᠠᠬᠤ ᠶᠢ ᠴᠢᠬᠤᠯᠠᠴᠢᠯᠠᠬᠤ ︽ᠲᠥᠷᠥ ᠶᠢᠨ ᠪᠣᠳᠣᠯᠭ᠎ᠠ ᠪᠠᠷ ᠬᠥᠮᠦᠨ ᠡᠷᠢᠬᠦ︾ ᠲᠣᠭᠲᠠᠴᠠ ᠶᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠤᠱᠲᠠᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠪᠤᠲᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠬᠦᠴᠦᠨ ᠵᠦᠢᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠠᠩᠭᠠᠯᠭ᠎ᠠ ᠶᠢᠨ ᠬᠡᠯᠬᠢᠶᠡᠵᠢᠯ ᠤᠨ ᠭᠤᠤᠯᠯᠠᠭᠴᠢ ᠠᠵᠤ ᠠᠬᠤᠶᠢᠯᠠᠯ ᠤᠨ ᠳᠡᠭᠡᠳᠦ ᠳᠣᠤᠷᠠᠳᠤ ᠬᠡᠰᠡᠭ ᠢᠯᠠᠩᠭᠤᠶ᠎ᠠ ᠢᠵᠢ ᠪᠥᠷᠢᠳᠦᠭᠰᠡᠨ ᠳᠤᠮᠳᠠ ᠵᠢᠵᠢᠭ ᠠᠵᠤ ᠠᠬᠤᠶᠢᠯᠠᠯ ᠢ ᠳᠠᠶᠢᠴᠢᠯᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠵᠦ᠂ ᠠᠵᠤ ᠦᠢᠯᠡᠰ ᠤᠨ ᠬᠡᠯᠬᠢᠵᠢᠶᠡᠯ ᠤᠨ ᠬᠠᠮᠵᠢᠯᠴᠠᠨ ᠠᠵᠢᠯ ᠢᠶᠠᠨ ᠰᠡᠷᠭᠦᠭᠡᠬᠦ ᠶᠢ ᠠᠬᠢᠭᠤᠯᠤᠨ᠎ᠠ᠃ 24 ᠴᠠᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠬᠢᠨᠠᠨ ᠡᠵᠡᠮᠳᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠰᠡᠷᠭᠦᠭᠡᠬᠦ ︽ᠴᠡᠭ ᠵᠠᠯᠭᠠᠬᠤ︾ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠷᠣᠭᠤᠯᠵᠤ ᠭᠠᠷᠭᠠᠬᠤ ᠭᠠᠵᠠᠷ ᠤᠨ ᠮᠡᠳᠡᠭᠡ ᠵᠠᠩᠭᠢ ᠶᠢ ᠵᠣᠯᠭᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠬᠥᠳᠡᠯᠮᠦᠷᠢ ᠬᠦᠴᠦᠨ ᠢ ᠭᠠᠷᠭᠠᠬᠤ ᠶᠢ ᠳᠠᠮᠵᠢᠵᠤ᠂ ᠠᠮᠤᠷ ᠲᠦᠪᠰᠢᠨ ᠪᠥᠭᠡᠳ ᠪᠦᠲᠦᠮᠵᠢᠲᠡᠶ ᠠᠵᠢᠯ ᠤᠨ ᠪᠠᠶᠢᠷᠢ ᠲᠠᠭᠠᠨ ᠳᠠᠬᠢᠨ ᠪᠤᠴᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯᠴᠢᠨ ᠡᠯᠰᠡᠨ ᠬᠡᠷᠡᠭᠯᠡᠬᠦ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠳᠠᠭᠡᠳᠤ ᠰᠤᠷᠭᠠᠭᠤᠯᠢ ᠲᠡᠭᠦᠰᠦᠭᠰᠡᠳ ᠢ ᠡᠯᠰᠡᠨ ᠠᠪᠤᠭᠰᠠᠨ ᠠᠵᠤ ᠠᠬᠤᠶᠢᠯᠠᠯ ᠳᠤ ᠨᠢᠭᠡᠯᠡ ᠤᠳᠠᠭ᠎ᠠ ᠶᠢᠨ ᠴᠢᠨᠠᠷᠲᠠᠢ ᠠᠵᠢᠯ ᠣᠯᠭᠤᠬᠤ ᠨᠥᠬᠦᠪᠥᠷᠢ ᠬᠥᠮᠦᠨ ᠪᠦᠷᠢ ᠳᠤ 1000 ᠲᠥᠭᠦᠷᠢᠭ ᠣᠯᠭᠤᠨ᠎ᠠ᠃ ᠭᠤᠷᠪᠠ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠨ᠎ᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠪᠠ ᠤᠷᠤᠨ ᠠᠯᠤᠰᠯᠠᠭᠰᠠᠨ ᠨᠡᠪᠴᠢᠭᠦᠯᠬᠦ ᠬᠡᠯᠪᠡᠷᠢ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠠᠩᠬ᠎ᠠ ᠡᠭᠦᠳᠬᠦ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠲᠡᠮᠵᠢᠨ᠎ᠠ᠃ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠲᠣᠭᠠᠴᠢᠯᠠᠭᠰᠠᠨ ᠰᠢᠨ᠎ᠡ ᠶᠢ ᠡᠭᠦᠳᠬᠦ ᠠᠵᠤ ᠦᠢᠯᠡᠰ ᠤᠨ ᠣᠷᠣᠭᠤᠯᠤᠯᠲᠠ ᠶᠢᠨ ᠡᠷᠴᠢᠮ ᠪᠠ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠮᠠᠭᠠᠳᠯᠠᠨ ᠲᠣᠭᠲᠠᠭᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠳᠡᠭᠡᠳᠤ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠠᠴᠠ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠣᠩᠭᠤᠨ ᠭᠠᠷᠭᠠᠵᠤ᠂ ᠳᠠᠶᠢᠴᠢᠯᠠᠨ ᠠᠵᠢᠯ ᠤᠯᠭᠤᠭᠰᠠᠨ ᠨᠢ 50 — 100 ᠬᠥᠮᠦᠨ ᠪᠠ 100 ᠬᠥᠮᠦᠨ ᠠᠴᠠ ᠳᠡᠭᠡᠭᠰᠢ ᠬᠤᠶᠠᠷ ᠳᠡᠰ ᠬᠤᠪᠢᠶᠠᠵᠤ ᠱᠠᠩᠨᠠᠯ ᠨᠥᠬᠦᠪᠥᠷᠢ ᠣᠯᠭᠤᠨ᠎ᠠ᠃ ᠬᠤᠰᠢᠭᠤ ᠰᠢᠶᠠᠨ ᠲᠣᠭᠤᠷᠢᠭ ᠠᠴᠠ ᠮᠠᠭᠠᠳᠯᠠᠨ ᠳᠤᠭᠲᠠᠭᠠᠭᠰᠠᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠳᠡᠯᠭᠡᠭᠦᠷ ᠠᠴᠠ 20 ᠬᠤᠲᠠ ᠶᠢᠨ ᠲᠡᠰ ᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠳᠡᠯᠭᠡᠭᠦᠷ ᠢ ᠰᠢᠯᠭᠠᠷᠠᠭᠤᠯᠤᠨ ᠭᠠᠷᠭᠠᠵᠤ ᠱᠠᠩᠨᠠᠯ ᠨᠥᠬᠦᠪᠥᠷᠢ ᠣᠯᠭᠤᠨ᠎ᠠ᠃ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠳᠡᠭᠡᠳᠤ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 20 ᠲᠦᠮᠡᠨ ᠲᠥᠭᠦᠷᠢᠭ ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠡᠰᠡᠭ ᠳᠡᠮ ᠬᠦᠤ ᠮᠥᠩᠭᠦ ᠶᠢ ᠬᠤᠲᠠ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ ᠵᠢᠭᠡᠯᠡᠯᠭᠡ ᠪᠠᠶᠢᠭ᠎ᠠ ᠭᠠᠵᠠᠷ ᠢᠶᠠᠷ ᠱᠠᠲᠤ ᠬᠤᠪᠢᠶᠠᠨ ᠡᠭᠦᠷᠭᠡᠯᠡᠨ᠎ᠡ᠃ ᠳᠦᠷᠪᠡ ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠤᠨ᠎ᠠ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 8 ᠨᠢᠭᠡ ᠪᠦᠯᠦᠭ ᠢᠨᠵᠧᠨᠧᠷᠢᠩ ᠢ ᠬᠡᠷᠡᠭᠵᠢᠭᠦᠯᠦᠨ᠎ᠡ᠃ ᠨᠢᠭᠡ ᠳᠤ ᠠᠯᠪᠠᠲᠠᠨ᠂ ᠠᠵᠢᠯ ᠦᠢᠯᠡᠰ ᠤᠨ ᠨᠢᠭᠡᠴᠡ ᠨᠢᠭᠡ ᠪᠦᠯᠦᠭ ᠰᠢᠯᠭᠠᠨ ᠡᠯᠰᠡᠨ᠎ᠡ᠂ ᠬᠤᠶᠠᠷ ᠲᠤ ᠦᠨᠳᠦᠰᠦᠨ ᠱᠠᠲᠤᠨ ᠤ ᠲᠥᠷᠥᠯ ᠵᠦᠢᠯ ᠤᠨ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠳᠦᠯᠦᠪᠯᠡᠯᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠨᠢ ᠨᠢᠭᠡ ᠪᠦᠯᠦᠭ ᠢ ᠡᠯᠰᠡᠨ᠎ᠡ᠂ ᠭᠤᠷᠪᠠ ᠳᠤ ᠠᠵᠤ ᠠᠬᠤᠶᠢᠯᠠᠯ ᠨᠢ ᠨᠢᠭᠡ ᠪᠦᠯᠦᠭ ᠢ ᠳᠠᠳᠤᠯᠭ᠎ᠠ ᠬᠢᠯᠬᠢᠵᠤ ᠨᠥᠭᠡᠴᠡᠯᠡᠨ᠎ᠡ᠂ ᠳᠥᠷᠪᠡ ᠳᠤ ᠠᠵᠤ ᠠᠬᠤᠶᠢᠯᠠᠯ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡ ᠪᠦᠯᠦᠭ ᠢ ᠤᠷᠢᠵᠤ ᠬᠡᠷᠡᠭᠯᠡᠨ᠎ᠡ᠂ ᠲᠠᠪᠤ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠳᠠᠪᠰᠢᠵᠤ ᠭᠦᠨᠵᠡᠭᠡᠢ ᠰᠤᠷᠤᠯᠴᠠᠬᠤ ᠪᠠ ᠴᠡᠷᠢᠭ ᠲᠤ ᠡᠯᠰᠡᠭᠳᠡᠬᠦ‍ ᠨᠢᠭᠡ ᠪᠦᠯᠦᠭ ᠪᠤᠯᠤᠨ᠎ᠠ᠂ ᠵᠢᠷᠭᠤᠭ᠎ᠠ ᠳᠤ ᠦᠢᠯᠡᠰ ᠪᠤᠰᠬᠠᠬᠤ ᠶᠢ ᠲᠡᠳᠬᠦᠵᠦ ᠨᠢᠭᠡ ᠪᠦᠯᠦᠭ ᠠᠵᠢᠯ ᠣᠯᠭᠤᠯᠲᠠ ᠶᠢ ᠲᠠᠶᠢᠴᠢᠯᠠᠨ᠎ᠠ᠂ ᠳᠣᠯᠤᠭ᠎ᠠ ᠳᠤ ᠠᠳᠠᠯ ᠦᠢᠯᠡᠰ ᠴᠣᠭᠴᠠᠯᠠᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠨᠢᠭᠡ ᠪᠦᠯᠦᠭ ᠢ ᠳᠡᠭᠡᠭᠰᠢᠯᠡᠭᠦᠯᠦᠨ᠎ᠡ᠂ ᠨᠠᠢᠮᠠ ᠳᠤ ᠠᠵᠢᠯ ᠣᠯᠭᠤᠯᠲᠠ ᠶᠢᠨ ᠲᠤᠰᠠᠯᠠᠮᠵᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠᠷ ᠪᠦᠬᠦᠨ ᠢ ᠳᠤᠬᠢᠷᠠᠭᠤᠯᠵᠤ ᠨᠢᠭᠡ ᠪᠦᠯᠦᠭ ᠢ ᠲᠥᠪᠬᠢᠨᠡᠭᠦᠯᠦᠨ᠎ᠡ ᠃ ᠳᠠᠭᠡᠳᠤ ᠰᠤᠷᠭᠠᠭᠤᠯᠢ ᠲᠡᠭᠦᠰᠦᠭᠰᠡᠳ ᠤᠨ ᠨᠤᠲᠤᠭ ᠲᠠᠭᠠᠨ ᠪᠤᠴᠠᠵᠤ ᠠᠵᠢᠯ ᠣᠯᠬᠤ ᠶᠢ ᠵᠣᠷᠢᠭᠵᠢᠭᠤᠯᠵᠤ᠂ 2020 ᠣᠨ ᠳᠤ ᠲᠣᠰ ᠬᠤᠭᠤᠴᠠᠭᠠᠨ ᠤ ᠪᠠ ᠠᠵᠢᠯ ᠰᠣᠩᠭᠤᠬᠤ ᠬᠤᠭᠤᠴᠠᠭᠠᠨ ᠳᠤ ᠠᠵᠢᠯ ᠣᠯᠤᠭᠠᠳᠤᠶ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠤ ᠰᠤᠷᠭᠠᠭᠤᠯᠢ ᠲᠡᠭᠦᠰᠦᠭᠰᠡᠳ ᠠᠴᠠ ᠨᠤᠲᠤᠭ ᠲᠠᠭᠠᠨ ᠪᠤᠴᠠᠵᠤ ᠰᠢᠶᠠᠩ ᠪᠠᠯᠭᠠᠰᠤ ᠠᠴᠠ ᠳᠤᠷᠤᠭᠰᠢ ︵ᠵᠠᠰᠠᠭ ᠤᠨ ᠤᠷᠳᠤᠨ ᠤ ᠰᠠᠭᠤᠭ᠎ᠠ ᠪᠠᠯᠭᠠᠰᠤ ᠪᠠᠭᠲᠠᠬᠤ ᠦᠭᠡᠢ︶ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠳᠤ 1000 ᠬᠦᠮᠦᠨ ᠰᠣᠩᠭᠤᠨ ᠠᠵᠢᠯ ᠣᠯᠭᠤᠵᠤ ᠂ ᠬᠥᠳᠡᠯᠮᠦᠷᠢ ᠶᠢᠨ ᠭᠡᠷ᠎ᠡ ᠨᠢ ᠪᠦᠬᠦᠯᠢ ᠨᠢᠭᠡ ᠵᠢᠯ ᠪᠣᠯᠤᠭᠰᠠᠨ ᠪᠠᠶᠢᠪᠠᠯ ᠰᠠᠷ᠎ᠠ ᠪᠦᠷᠢ 800 ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠳᠤᠭᠳᠤᠭᠤᠨ ᠢᠶᠠᠷ ᠠᠵᠢᠯ ᠣᠯᠭᠤᠬᠤ 6 ᠨᠢᠭᠡ ᠪᠦᠯᠦᠭ ᠢᠨᠵᠧᠨᠧᠷᠢᠩ ᠢ ᠬᠡᠷᠡᠭᠵᠢᠭᠦᠯᠦᠨ᠎ᠡ᠄ ᠨᠢᠭᠡ ᠳᠤ ᠬᠤᠲᠠ ᠶᠢᠨ ᠭᠠᠳᠠᠨ᠎ᠠ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠰᠡᠷᠭᠦᠭᠡᠬᠦ‍ ᠨᠢᠭᠡ ᠪᠦᠯᠦᠭ ᠭᠠᠳᠠᠭᠰᠢ ᠭᠠᠷᠭᠠᠨ᠎ᠠ᠂ ᠬᠤᠶᠠᠷ ᠲᠤ ᠲᠠᠷᠢᠶᠠᠯᠠᠩ ᠬᠢᠵᠤ ᠲᠤᠬᠠᠶ ᠶᠢᠨ ᠭᠠᠵᠠᠷ ᠣᠶᠢᠷ᠎ᠠ ᠬᠠᠪᠢ ᠳᠤ ᠨᠢᠭᠡ ᠪᠦᠯᠦᠭ ᠢ ᠳᠦᠪᠬᠢᠨᠡᠭᠦᠯᠦᠨ᠎ᠡ᠂ ᠭᠤᠷᠪᠠ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡ ᠪᠦᠯᠦᠭ ᠢ ᠤᠷᠢᠨ ᠬᠡᠷᠡᠭᠯᠡᠨ᠎ᠡ᠂ ᠳᠥᠷᠪᠡ ᠳᠤ ᠠᠳᠠᠯ ᠦᠢᠯᠡᠰ ᠴᠣᠭᠴᠠᠯᠠᠬᠤ ᠶᠢ ᠲᠡᠳᠬᠦᠨ ᠨᠢᠭᠡ ᠪᠦᠯᠦᠭ ᠢ ᠳᠠᠶᠢᠴᠢᠯᠠᠨ ᠠᠵᠢᠯ ᠤᠯᠭᠤᠨ᠎ᠠ᠂ ᠲᠠᠪᠤ ᠳᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠨᠢᠭᠡ ᠪᠦᠯᠦᠭ ᠢ ᠳᠡᠭᠡᠭᠰᠢᠯᠡᠭᠦᠯᠡᠨ᠎ᠡ᠂ ᠵᠢᠷᠭᠤᠭ᠎ᠠ ᠳᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠨᠢᠭᠡ ᠪᠦᠯᠦᠭ ᠢ ᠨᠢ ᠰᠡᠢᠳᠪᠦᠷᠢᠯᠡᠨ᠎ᠡ᠃ ᠲᠠᠪᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠠᠵᠢᠯ ᠤᠨ ᠪᠠᠶᠢᠷᠢ ᠰᠣᠯᠢᠵᠤ ᠠᠵᠢᠯ ᠣᠯᠬᠤ ᠶᠢ ᠠᠬᠢᠭᠤᠯᠬᠤ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢᠶᠠᠷ ᠭᠤᠤᠯᠳᠠᠯᠭ᠎ᠠ ᠪᠤᠯᠠᠭᠠᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠲᠥᠷᠥᠯ ᠬᠤᠪᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠡᠬᠢ ᠪᠠᠶᠠᠯᠢᠭ ᠡᠯᠪᠡᠭ ᠪᠠᠶᠠᠯᠢᠭ᠂ ᠠᠷᠭ᠎ᠠ ᠬᠡᠯᠪᠡᠷᠢ ᠠᠮᠢᠳᠤᠯᠢᠭ ᠳᠠᠪᠠᠭᠤᠯᠢᠭ ᠢ ᠭᠦᠢᠴᠡᠳ ᠠᠰᠢᠭᠯᠠᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠪᠣᠯᠪᠠᠰᠤᠷᠠᠭᠤᠯᠤᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠠᠵᠤ ᠠᠬᠤᠶᠢᠯᠠᠯ ᠤᠨ ᠠᠵᠢᠯᠴᠢᠨ ᠤ ᠬᠡᠷᠡᠭᠯᠡᠬᠦ ᠬᠡᠷᠡᠭᠴᠡᠭᠡ ᠶᠢ ᠪᠠᠲᠤᠯᠠᠵᠤ᠂ ᠪᠦᠬᠦ ᠵᠢᠯ ᠳᠤ 3 ᠲᠦᠮᠡᠨ ᠬᠥᠮᠦᠨ ᠢ ᠪᠤᠯᠪᠠᠰᠤᠷᠠᠭᠤᠯᠬᠤ ᠬᠠᠷᠠᠯᠲᠠ ᠶᠢ ᠪᠡᠶᠡᠯᠡᠭᠦᠯᠦᠨ᠎ᠡ ᠃ ᠵᠢᠷᠭᠤᠭ᠎ᠠ᠂ ᠠᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ ︽ᠢᠨᠲ᠋ᠧᠷ ᠰᠦᠯᠵᠢᠶ᠎ᠡ + ᠠᠵᠢᠯ ᠣᠯᠭᠤᠯᠲᠠ︾ ᠲᠠᠪᠴᠠᠩ ᠢ ᠠᠰᠢᠭᠯᠠᠨ ᠡᠭᠦᠯᠡᠨ ᠦᠢᠯᠡᠴᠢᠯᠡᠭᠡ ᠥᠷᠨᠢᠭᠦᠯᠵᠦ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠨᠡᠭᠡᠭᠡᠵᠦ᠂ ︽ᠰᠦᠯᠵᠢᠶᠡᠨ ᠳᠡᠭᠡᠷ᠎ᠡ ᠭᠦᠢᠴᠡᠳᠭᠡᠬᠦ᠂ ᠤᠲᠠᠰᠤ ᠪᠠᠷ ᠭᠦᠢᠴᠡᠳᠭᠡᠬᠦ᠂ ᠰᠢᠤᠳᠠᠨ ᠢᠶᠠᠷ ᠭᠦᠢᠴᠡᠳᠭᠡᠬᠦ᠂ ᠪᠣᠯᠵᠣᠨ ᠭᠦᠢᠴᠡᠳᠭᠡᠬᠦ︾ ᠵᠡᠷᠭᠡ ᠡᠯ᠎ᠡ ᠵᠦᠢᠯ ᠤᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠭᠡᠨ᠎ᠡ᠃ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠠᠷᠠᠭᠠᠨ ᠳᠠᠪᠲᠠᠮᠵᠢᠲᠤ ᠬᠤᠤᠰ ᠰᠣᠩᠭᠤᠭᠤᠯᠢ ᠶᠢᠨ ᠬᠤᠷᠠᠯ︾᠂ ︽ᠰᠦᠯᠵᠢᠶᠡᠨ ᠳᠡᠭᠡᠷᠡᠬᠢ ᠨᠢᠭᠤᠷᠳᠠᠨ ᠰᠢᠯᠭᠠᠯᠲᠠ︾ ᠵᠡᠷᠭᠡ ᠰᠢᠨ᠎ᠡ ᠬᠡᠯᠪᠡᠷᠢ ᠶᠢᠨ ᠠᠵᠢᠯᠲᠠᠨ ᠡᠯᠰᠡᠬᠦ ᠬᠡᠯᠪᠡᠷᠢ ᠶᠢ ᠬᠡᠷᠡᠭᠵᠢᠭᠦᠯᠵᠦ᠂ ︽ᠮᠤᠤ ᠲᠸᠤ ᠶᠢᠩ︾ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠰᠢᠰᠲ᠋ᠧᠮ ᠢ ᠠᠰᠢᠭᠯᠠᠨ ︽ᠵᠠᠭᠤᠨ ᠡᠳᠦᠷ ᠤᠨ ᠦᠢᠯᠡᠴᠢᠯᠡᠭᠡᠨ ᠤ ᠪᠤᠭᠤᠮᠲᠠ ᠰᠢᠪᠲᠤᠯᠠᠬᠤ᠂ ᠮᠢᠩᠭ᠎ᠠ ᠲᠦᠮᠡᠨ ᠠᠵᠢᠯ ᠤᠨ ᠪᠠᠶᠢᠷᠢ ᠳᠤ ᠬᠦᠷᠭᠡᠬᠦ︾ ᠲᠤᠰᠬᠠᠶ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ᠤᠷᠢᠵᠤ ᠡᠯᠰᠡᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ᠃ ᠳᠣᠯᠤᠭ᠎ᠠ᠂ ᠲᠤᠤᠱᠲᠠᠢ ᠪᠠᠲᠤᠯᠠᠬᠤ ᠪᠠᠲᠤᠯᠠᠭ᠎ᠠ ᠶᠢ ᠴᠢᠩᠭᠠᠷᠠᠭᠤᠯᠵᠤ᠂ ᠠᠵᠢᠯ ᠣᠯᠭᠤᠬᠤ ᠲᠤᠰᠠᠯᠠᠮᠵᠢ ᠦᠷᠨᠢᠭᠦᠯᠦᠨ᠎ᠡ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠠᠵᠢᠯ ᠢ ᠨᠠᠷᠢᠯᠢᠭ ᠣᠨᠣᠴᠠᠲᠠᠶ ᠰᠠᠶᠢᠲᠤᠷ ᠬᠢᠵᠦ᠂ 735 ᠬᠥᠮᠦᠨ ᠤ ᠠᠵᠢᠯ ᠤᠨ ᠬᠠᠷᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠡᠷᠬᠢᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠮᠥᠨ ᠬᠦ ᠲᠣᠭᠲᠠᠭᠤᠨ ᠢᠶᠠᠷ ᠠᠵᠢᠯ ᠣᠯᠭᠤᠬᠤ ᠶᠢ ᠪᠡᠶᠡᠯᠡᠭᠦᠯᠦᠭᠡᠳᠦᠶ ᠪᠣᠯ ᠲᠥᠷᠥ ᠶᠢᠨ ᠪᠣᠳᠣᠯᠭ᠎ᠠ ᠶᠢ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠤᠨ᠎ᠠ᠃ ᠮᠠᠨ ᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠨ ᠠᠵᠢᠯ ᠣᠯᠬᠤ ᠳᠤ ᠬᠦᠴᠢᠷᠲᠡᠶ ᠬᠥᠮᠦᠰ ᠪᠣᠯᠤᠨ ᠳᠡᠭᠡᠳᠤ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠮᠦᠨ ᠪᠦᠷᠢ ᠵᠢᠯ ᠳᠤ 5000 ᠲᠥᠭᠦᠷᠢᠭ ᠪᠠᠶᠢᠭᠰᠠᠨ ᠠᠴᠠ ᠪᠠᠨ 5500 ᠲᠥᠭᠦᠷᠢᠭ ᠪᠤᠯᠭᠠᠨ᠎ᠠ᠃ ᠨᠠᠢᠮᠠ᠂ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠠᠵᠢᠯ ᠠᠯᠳᠠᠯᠲᠠ ᠶᠢᠨ ᠲᠦᠭᠰᠢᠭᠦᠷᠢ ᠶᠢ ᠰᠡᠷᠭᠡᠶᠢᠯᠡᠨ ᠨᠠᠮᠳᠠᠭᠠᠨ᠎ᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠶᠡᠭᠡ ᠬᠡᠪᠴᠢᠶ᠎ᠡ ᠪᠠᠷ ᠠᠵᠢᠯᠲᠠᠨ ᠬᠠᠰᠤᠬᠤ ᠪᠠ ᠠᠵᠢᠯ ᠠᠯᠳᠠᠬᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠢᠯ ᠤᠯᠭᠤᠯᠲᠠ ᠶᠢᠨ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠲᠣᠭᠲᠠᠴᠠ ᠶᠢ ᠪᠠᠶᠢᠭᠤᠯᠵᠤ᠂ ᠠᠵᠢᠯ ᠣᠯᠭᠤᠯᠲᠠ ᠶᠢᠨ ᠲᠦᠭᠰᠢᠭᠦᠷᠢ ᠶᠢ ᠰᠡᠷᠭᠡᠶᠢᠯᠡᠬᠦ ᠶᠡᠭᠡ ᠬᠡᠪᠴᠢᠶ᠎ᠡ ᠬᠥᠮᠦᠨ ᠬᠠᠰᠤᠬᠤ ᠶᠢ ᠠᠷᠭᠠᠴᠠᠭᠠᠬᠤ ᠪᠡᠯᠡᠳᠬᠡᠯ ᠲᠥᠰᠦᠯ᠂ ᠠᠵᠢᠯ ᠠᠯᠳᠠᠭᠰᠠᠳ ᠢ ᠬᠠᠪᠰᠤᠷᠤᠨ ᠲᠡᠳᠬᠦᠬᠦ ᠪᠡᠯᠡᠳᠬᠡᠯ ᠲᠥᠰᠦᠯ᠂ ᠭᠤᠤᠯᠳᠠᠯᠭ᠎ᠠ ᠲᠠᠢ ᠭᠠᠵᠠᠷ ᠣᠷᠣᠨ ᠤ ᠳᠤᠰᠠᠯᠠᠮᠵᠢ ᠶᠢᠨ ᠪᠡᠯᠡᠳᠬᠡᠯ ᠲᠥᠰᠦᠯ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠠᠵᠢᠯ ᠣᠯᠭᠤᠯᠲᠠ ᠶᠢᠨ ᠪᠠᠶᠢᠳᠠᠯ ᠢ ᠰᠤᠳᠤᠯᠤᠨ ᠮᠠᠭᠠᠳᠯᠠᠬᠤ ᠪᠠ ᠠᠵᠢᠯ ᠣᠯᠭᠤᠯᠲᠠ ᠶᠢᠨ ᠲᠦᠭᠰᠢᠭᠦᠷᠢ ᠶᠢ ᠳᠦᠰᠦᠭᠯᠡᠬᠦ ᠶᠢ ᠴᠢᠩᠭᠠᠳᠬᠠᠨ᠎ᠠ᠃ ᠶᠢᠰᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠪᠠᠷᠢᠮᠲᠠᠯᠠᠨ᠎ᠠ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠵᠤ᠂ ᠨᠢᠭᠡᠳᠦᠭᠡᠷ ᠭᠠᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠢᠨᠠᠨ ᠰᠢᠯᠭᠠᠯᠲᠠ ᠶᠢᠨ ᠴᠢᠬᠤᠯᠠ ᠬᠦᠢᠴᠡᠳᠭᠡᠬᠦ ᠲᠤᠭ᠎ᠠ ᠪᠣᠯᠭᠠᠨ᠂ ᠬᠠᠷᠠᠯᠲᠠᠲᠤ ᠰᠢᠯᠭᠠᠯᠲᠠ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠠᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠰᠤᠳᠤᠯᠤᠨ ᠮᠠᠭᠠᠳᠯᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠯᠵᠤ ᠪᠦᠷᠢᠯᠳᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号