ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2020 ᠣᠨ ᠤ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠭᠤᠤᠯᠳᠠᠯᠭ᠎ᠠ
ᠨᠡᠶᠢᠲᠡᠯᠡᠭᠰᠡᠨ ᠴᠠᠭ᠄
2021/1/8
 ᠠᠬᠤᠶ ᠪᠠᠶᠢᠳᠠᠯ 2020 ᠣᠨ ᠪᠣᠯ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠯᠠᠬᠤ ᠭᠤᠤᠯ ᠡᠭᠦᠷᠭᠡ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠨ᠎ᠡ᠃ ᠠᠷᠭ᠎ᠠ ᠪᠣᠳᠣᠯᠭ᠎ᠠ ᠶᠢ ᠨᠠᠷᠢᠯᠢᠭ ᠣᠨᠣᠴᠠᠲᠠᠶ ᠬᠡᠷᠡᠭᠵᠢᠭᠦᠯᠬᠦ ᠶᠢ ᠭᠤᠣᠯᠳᠠᠯᠭ᠎ᠠ ᠲᠠᠢ ᠠᠩᠬᠠᠷᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠪᠠ 1. ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠤᠷᠢᠭᠯᠠᠵᠤ᠂ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢ ᠪᠠᠲᠤᠯᠠᠬᠤ ᠳᠡᠭᠡᠷ᠎ᠡ ᠬᠦᠴᠦ ᠪᠠᠨ ᠲᠥᠪᠯᠡᠷᠡᠭᠦᠯᠪᠡ᠃ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠠᠤᠯᠢ ᠶᠣᠰᠤ ᠪᠠᠷ ᠬᠤᠷᠢᠭᠯᠠᠵᠤ᠂ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠵᠣᠭᠰᠣᠬᠤ ᠶᠢ ᠬᠤᠷᠢᠭᠯᠠᠵᠤ᠂ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠳᠦᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠬᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠤᠨ ᠠᠮᠢᠳᠤᠷᠠᠯ ᠤᠨ ᠬᠦᠴᠢᠷᠳᠡᠯᠲᠡᠶ ᠠᠴᠠ ᠪᠣᠯᠵᠤ ᠰᠤᠷᠤᠯᠭ᠎ᠠ ᠠᠯᠳᠠᠵᠤ ᠰᠤᠷᠭᠠᠭᠤᠯᠢ ᠶᠢᠨ ᠰᠤᠷᠤᠯᠭ᠎ᠠ ᠪᠠᠨ ᠵᠣᠭᠰᠣᠬᠤ ᠦᠭᠡᠢ ᠶᠢ ᠦᠨᠡᠨ ᠬᠦ ᠪᠠᠲᠤᠯᠠᠪᠠ᠃ 2. ᠨᠠᠷᠢᠯᠢᠭ ᠣᠨᠣᠴᠠᠲᠠᠶ ᠳᠡᠳᠭᠦᠨ ᠲᠤᠰᠠᠯᠠᠬᠤ ᠶᠢ ᠦᠨᠡᠨ ᠬᠦ ᠴᠢᠩᠭᠠᠳᠬᠠᠪᠠ᠃ ᠨᠠᠷᠢᠯᠢᠭ ᠣᠨᠣᠴᠠᠲᠠᠶ ᠪᠠᠷ ᠳᠡᠳᠭᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠳᠡᠮ ᠳᠤ ᠨᠢ ᠪᠠᠶᠢᠭᠤᠯᠤᠨ ᠪᠦᠷᠢᠨᠰᠢᠭᠦᠯᠵᠦ᠂ ᠲᠡᠳᠬᠦᠨ ᠲᠤᠰᠠᠯᠠᠵᠤ ᠬᠥᠮᠦᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ 3. ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠭᠰᠠᠨ᠃ ᠬᠤᠲᠠ ᠬᠥᠳᠡᠭᠡ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠪᠠᠲᠤᠯᠠᠬᠤ ᠳᠣᠭᠲᠠᠴᠠ ᠶᠢ ᠨᠠᠶᠢᠳᠠᠪᠤᠷᠢᠵᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠪᠠ ᠴᠢᠳᠠᠮᠵᠢ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ︽ᠬᠤᠶᠠᠷ ᠲᠦᠷᠦᠯ︾ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠶᠢ ᠦᠨᠡᠨ ᠬᠦ ᠲᠦᠯᠬᠢᠨ ᠠᠬᠢᠭᠤᠯᠪᠠ᠃ 4. ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠬᠤᠰᠢᠭᠤ ᠰᠢᠶᠠᠨ ᠤ ᠬᠡᠪᠴᠢᠶᠡᠨ ᠳᠤ ᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠨᠠᠷ ᠤᠨ ᠬᠤᠭᠤᠷᠤᠨᠳᠤᠬᠢ ᠰᠣᠯᠢᠯᠴᠠᠭ᠎ᠠ ᠶᠢ ᠠᠬᠢᠭᠤᠯᠵᠤ᠂ ︽ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ︾ ᠪᠠ ︽ᠪᠠᠭᠰ᠊ ᠢ ᠶᠢᠨ ᠰᠤᠷᠭᠠᠭᠤᠯᠢ ᠶᠢᠨ ᠰᠤᠷᠤᠭᠴᠢ ᠶᠢ ᠠᠯᠪᠠᠨ ᠵᠠᠷᠤᠳᠠᠯ ᠢᠶᠠᠷ ᠬᠠᠨᠳᠤᠯᠭ᠎ᠠ ᠲᠠᠢ ᠬᠥᠮᠦᠵᠢᠭᠦᠯᠬᠦ ᠲᠥᠯᠥᠪᠯᠡᠭᠡ︾ ᠵᠡᠷᠭᠡ ᠶᠢ ᠬᠡᠷᠡᠭᠵᠢᠭᠦᠯᠪᠡ᠃ ᠣᠶᠤᠨ ᠤᠬᠠᠭᠠᠨ ᠢᠶᠠᠷ ᠲᠡᠳᠬᠦᠵᠦ ᠬᠥᠮᠦᠨ ᠢ ᠬᠥᠮᠦᠵᠢᠭᠦᠯᠬᠦ ᠳᠠᠪᠠᠭᠤᠯᠢᠭ ᠢᠶᠠᠨ ᠪᠠᠳᠠᠷᠠᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ 5. ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠬᠦ ᠴᠢᠳᠠᠮᠵᠢ ᠶᠢ ᠪᠠᠳᠠᠷᠠᠭᠤᠯᠪᠠ᠃ ᠤᠶᠤᠨ ᠤᠬᠠᠭᠠᠨ ᠪᠠ ᠵᠣᠷᠢᠭ ᠰᠠᠨᠠᠭ᠎ᠠ ᠪᠠᠷ ᠲᠡᠳᠬᠦᠬᠦ ᠶᠢ ᠤᠶᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ︽ᠰᠤᠷᠤᠯᠴᠠᠬᠤ ᠬᠦᠰᠡᠯ ᠢᠶᠠᠨ ᠪᠡᠶᠡᠯᠡᠭᠦᠯᠬᠦ︾ ᠠᠵᠢᠯᠯᠠᠭᠠᠨ ᠤ ᠲᠥᠯᠦᠪᠯᠡᠭᠡ ᠶᠢ ᠦᠷᠭᠦᠯᠵᠢᠯᠡᠨ ᠠᠬᠢᠭᠤᠯᠵᠤ᠂ ᠠᠵᠢᠯ ᠣᠯᠭᠤᠵᠤ ᠬᠠᠪᠰᠤᠷᠤᠨ ᠲᠤᠰᠠᠯᠠᠬᠤ ᠶᠢ ᠰᠠᠶᠢᠲᠤᠷ ᠠᠳᠬᠤᠪᠠ᠃ 6. ︽ᠬᠥᠳᠡᠭᠡ ᠠᠵᠤ ᠠᠬᠤᠶ ᠪᠠ ᠰᠤᠷᠭᠠᠭᠤᠯᠢ ᠶᠢ ᠵᠣᠯᠭᠠᠭᠤᠯᠬᠤ︾ ᠶᠢ ᠥᠷᠨᠢᠭᠦᠯᠵᠦ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠳᠤ ᠬᠦᠴᠦᠨ ᠨᠡᠮᠡᠷᠢᠯᠡᠪᠡ᠃ ᠪᠦᠬᠦ ᠣᠷᠣᠨ ᠤ ᠠᠯᠪᠠᠨ ᠠᠴᠠ ᠡᠷᠬᠢᠯᠡᠭᠰᠡᠨ 45 ᠳᠡᠭᠡᠳᠦ ᠰᠤᠷᠭᠠᠭᠤᠯᠢ ᠳᠤ ︽ᠬᠥᠳᠡᠭᠡ ᠠᠵᠤ ᠠᠬᠤᠶ ᠪᠠ ᠰᠤᠷᠭᠠᠭᠤᠯᠢ ᠶᠢ ᠵᠣᠯᠭᠠᠭᠤᠯᠬᠤ︾ ᠠᠵᠢᠯ ᠢ ᠥᠷᠨᠢᠭᠦᠯᠪᠡ᠃ 7. ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢ ᠲᠥᠭᠡᠮᠡᠯᠵᠢᠭᠦᠯᠦᠨ ᠬᠡᠷᠡᠭᠵᠢᠭᠦᠯᠪᠡ᠃ ᠭᠤᠤᠯᠳᠠᠯᠭ᠎ᠠ ᠲᠠᠢ ᠬᠥᠮᠦᠰ ᠤᠨ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠮᠦᠨ ᠠᠮᠠ ᠶᠢᠨ ᠦᠨᠳᠦᠰᠦᠨ ᠬᠡᠪ ᠴᠢᠨᠠᠷ ᠢ ᠳᠡᠭᠡᠭᠰᠢᠯᠡᠭᠦᠯᠪᠡ ᠃ 8. ᠪᠡᠭᠡᠵᠢᠩ ᠪᠣᠯᠤᠨ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠪᠡ᠃ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ 31 ᠰᠢᠶᠠᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢ ᠪᠡᠭᠡᠵᠢᠩ ᠳᠤ ᠲᠣᠮᠢᠯᠠᠵᠤ᠂ ᠠᠵᠢᠯ ᠤᠨ ᠪᠠᠶᠢᠷᠢ ᠳᠤ ᠳᠠᠭᠠᠵᠤ ᠪᠣᠯᠪᠠᠰᠤᠷᠠᠭᠤᠯᠬᠤ ᠵᠡᠷᠭᠡ ᠡᠭᠦᠷᠭᠡ ᠶᠢ ᠪᠡᠶᠡᠯᠡᠭᠦᠯᠪᠡ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠬᠤ ᠪᠠᠷ ᠮᠡᠷᠡᠶᠢᠵᠦ ᠪᠠᠶᠢᠨ᠎ᠠ 9. ᠡᠯ᠎ᠡ ᠲᠥᠷᠥᠯ ᠤᠨ ᠬᠢᠨᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠶ ᠰᠠᠶᠢᠲᠤᠷ ᠠᠳᠬᠤᠪᠠ᠃ ᠲᠥᠪ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠪᠤᠴᠠᠵᠤ ᠬᠠᠷᠠᠬᠤ︾᠂ ᠤᠯᠤᠰ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠪᠤᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠬᠤᠭᠤᠴᠠᠭ᠎ᠠ ᠶᠣᠰᠤ ᠪᠠᠷ ᠪᠡᠶᠡᠯᠡᠭᠦᠯᠦᠨ᠂ ᠪᠣᠳᠠᠲᠤ ᠦᠷ᠎ᠡ ᠪᠦᠲᠦᠮᠵᠢ ᠣᠯᠪᠠ᠃ 10. ᠵᠣᠬᠢᠶᠠᠨ ᠪᠠᠶᠢᠭᠤᠯᠤᠯᠲᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ ᠬᠤᠶᠢᠷᠭᠤᠰᠢᠬᠤ ᠦᠭᠡᠢ᠂ ᠢᠮᠠᠭᠲᠠ ᠪᠣᠯᠭᠤᠮᠵᠢᠲᠠᠢ ᠪᠠᠶᠢᠵᠤ ᠰᠤᠯᠠᠷᠠᠬᠤ ᠦᠭᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠪᠡ᠃
 
ᠢᠷᠡᠯᠲᠡ᠄ ᠦᠪᠦᠷ ᠮᠤᠩᠭᠤᠯ  ᠤᠨ ᠰᠤᠷᠭᠠᠨ ᠬᠦᠮᠦᠵᠢᠯ  ᠦᠨ ᠲᠠᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号