| | ᠪᠤᠳᠠᠳᠠᠢ ᠦᠨᠳᠦᠰᠦᠯᠡᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠡᠯᠭᠡᠷᠡᠭᠦᠯᠦᠨ ᠬᠡᠷᠡᠭᠵᠢᠭᠦᠯᠬᠦ ᠠᠵᠢᠯ ᠤᠨ | ᠲᠣᠬᠢᠷᠠᠭᠤᠯᠤᠯᠲᠠ ᠶᠢ ᠡᠷᠡᠰ ᠪᠠᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵ᠊᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠠᠲᠤᠯᠠᠬᠤ ᠴᠢᠳᠠᠪᠬᠢ ᠶᠢ ᠳᠡᠭᠡᠭᠰᠢᠯᠡᠭᠦᠯᠦᠨ᠂ | ᠬᠤᠯᠪᠤᠭᠳᠠᠯ ᠪᠦᠬᠦᠢ ᠪᠠᠭᠰᠢ ᠨᠠᠷ ᠤᠨ ᠬᠤᠪᠢ ᠶᠢᠨ ᠠᠰᠢᠭ ᠲᠤᠰᠠ ᠶᠢ ᠬᠠᠷᠠᠭᠠᠯᠵᠠᠨ ᠪᠣᠳᠣᠯᠬᠢᠯᠡᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠶᠢ ᠠᠬᠢᠭᠤᠯᠤᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠥᠨᠳᠦᠷ ᠴᠢᠨᠠᠷ ᠴᠢᠨᠰᠠᠭᠠᠲᠠᠢ | ᠬᠥᠭᠵᠢᠬᠦ ᠶᠢ ᠠᠬᠢᠭᠤᠯᠬᠤ ᠶᠢᠨ ᠲᠥᠯᠦᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ ᠮᠠᠨ ᠤ ᠣᠷᠣᠨ ᠤ ᠪᠠᠨ ᠪᠣᠳᠠᠲᠤ ᠪᠠᠢᠳᠠᠯ ᠲᠠᠢ | ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ ᠰᠢᠯᠵᠢᠯᠲᠡ ᠶᠢᠨ ᠬᠤᠭᠤᠴᠠᠭᠠᠨ ᠳᠤ ᠬᠢ | ᠬᠠᠪᠰᠤᠷᠤᠨ ᠵᠢᠯᠣᠭᠤᠳᠣᠭᠴᠢ ᠶᠢᠨ ᠳᠦᠷᠢᠮ ᠢ ᠪᠠᠶᠢᠭᠤᠯᠬᠤ 1. ᠬᠤᠤᠰ ᠬᠡᠯᠡᠨ ᠤ ᠬᠠᠪᠰᠤᠷᠤᠨ ᠵᠢᠯᠣᠭᠤᠳᠣᠭᠴᠢ ᠶᠢᠨ | ᠲᠦᠷᠢᠮ ᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ | ᠵᠢᠯᠣᠭᠤᠳᠣᠭᠴᠢ ᠶᠢᠨ ᠲᠦᠷᠢᠮ ᠢ ᠪᠠᠶᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠬᠤᠯᠪᠤᠭᠳᠠᠬᠤ | ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠨᠤᠭᠤᠳ ᠢ ᠲᠤᠬᠠᠶ ᠶᠢᠨ ᠭᠠᠵᠠᠷ ᠤᠨ ᠪᠠᠶᠢᠳᠠᠯ ᠲᠠᠢ ᠪᠠᠨ | ᠤᠶᠠᠯᠳᠤᠭᠤᠯᠤᠨ᠂ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠤᠷᠭᠠᠭᠤᠯᠢ ᠳᠤ ᠪᠠᠶᠢᠭ᠎ᠠ ᠪᠠᠭᠰᠢ ᠨᠠᠷ ᠢᠶᠠᠨ | ᠨᠢᠭᠡᠳᠦᠯᠲᠡᠢ ᠲᠥᠯᠥᠪᠯᠡᠬᠦ᠂ ᠰᠤᠷᠭᠠᠭᠤᠯᠢ ᠶᠢᠨ ᠬᠤᠭᠤᠷᠣᠨᠳᠣ ᠤᠷᠢᠵᠤ ᠬᠡᠷᠡᠭᠯᠡᠬᠦ᠂ ᠪᠠᠭᠰᠢ ᠶᠢᠨ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠢ ᠠᠵᠢᠯ ᠤᠨ ᠪᠠᠶᠢᠷᠢ ᠳᠤ ᠲᠠᠳᠤᠯᠭ᠎ᠠ ᠬᠢᠯᠭᠡᠬᠦ᠂ ᠤᠶᠤᠲᠠᠳ ᠢ ᠵᠣᠬᠢᠶᠠᠨ | ᠪᠠᠶᠢᠭᠤᠯᠤᠨ ᠰᠤᠷᠭᠠᠨ ᠬᠥᠮᠦᠵᠢᠯ ᠢ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠵᠢᠯᠲᠡ ᠶᠢᠨ | ᠬᠤᠭᠤᠴᠠᠭᠠᠨ ᠤ ᠮᠣᠩᠭᠤᠯ ᠬᠢᠲᠠᠳ ᠬᠤᠤᠰ ᠬᠡᠯᠡᠨ ᠤ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠣᠭᠴᠢ ᠶᠢᠨ | ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃ ᠰᠤᠷᠤᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠰᠤᠷᠭᠠᠭᠤᠯᠢ ᠳᠤ ᠪᠠᠶᠢᠭ᠎ᠠ ᠰᠣᠷᠣᠭᠴᠢ ᠳᠤ ᠬᠢᠴᠢᠶᠡᠯ ᠤᠨ ᠲᠠᠷᠠᠭ᠎ᠠ ᠦᠢᠯᠡᠴᠢᠯᠡᠬᠦ ᠴᠠᠭ ᠢ ᠠᠰᠢᠭᠯᠠᠨ᠂ ᠪᠠᠭᠰᠢ ᠨᠢᠭᠡ | ᠪᠦᠷᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠬᠤ ᠳᠤ ᠬᠦᠴᠢᠷᠳᠡᠵᠦ ᠪᠠᠶᠢᠭ᠎ᠠ 5 | — 10 ᠰᠣᠷᠣᠭᠴᠢ ᠶᠢ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠵᠢᠯᠣᠭᠤᠳᠴᠤ᠂ ᠮᠠᠳᠠᠭ ᠢ ᠨᠢ ᠲᠠᠶᠢᠯᠵᠦ | ᠥᠭᠬᠦ ᠬᠡᠷᠡᠭᠲᠡᠢ᠃ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠤᠭᠴᠢ ᠶᠢᠨ ᠡᠭᠦᠷᠭᠡ ᠶᠢ ᠪᠠᠭᠰᠢ ᠶᠢᠨ ᠠᠵᠢᠯ ᠤᠨ | ᠲᠣᠭᠠᠴᠠᠭ᠎ᠠ ᠳᠤ ᠣᠷᠣᠭᠤᠯᠤᠨ᠂ ᠳᠡᠭᠡᠳᠦ ᠵᠡᠷᠭᠡ ᠶᠢᠨ ᠬᠢᠷᠢ ᠬᠡᠮᠵᠢᠶᠡᠨ ᠳᠤ ᠬᠦᠷᠦᠭᠰᠡᠨ ᠢ ᠠᠮᠵᠢᠯᠲᠠ ᠪᠦᠲᠦᠮᠵ᠊ | ᠢ ᠶᠢᠨ ᠴᠠᠯᠢᠩ ᠢ ᠣᠯᠭᠤᠬᠤ ᠠᠷᠭ᠎ᠠ ᠶᠢ ᠦᠨᠳᠦᠰᠦᠯᠡᠨ ᠵᠣᠬᠢᠬᠤ ᠬᠠᠷᠠᠮᠵᠢ ᠣᠯᠭᠤᠬᠤ ᠶᠢᠨ ᠬᠠᠮᠲᠤ ᠠᠮᠵᠢᠯᠲᠠ | ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠡᠷᠡᠭᠯᠡᠬᠦ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠵᠢᠭᠦᠯᠦᠭᠰᠡᠨ ᠰᠤᠷᠤᠭᠴᠢ ᠶᠢᠨ ᠲᠤᠭ᠎ᠠ ᠪᠠᠷ ᠰᠠᠷ᠎ᠠ ᠪᠦᠷᠢ 30 ᠲᠥᠭᠦᠷᠢᠭ ᠢᠶᠠᠷ ᠲᠣᠭᠲᠠᠭᠠᠵᠤ᠂ | ᠰᠤᠷᠤᠯᠭ᠎ᠠ ᠶᠢᠨ ᠵᠢᠯ ᠪᠦᠷᠢ ᠶᠢ 10 ᠰᠠᠷ᠎ᠠ ᠪᠠᠷ ᠪᠣᠳᠤᠵᠤ᠂ ᠵᠢᠯ ᠪᠣᠯᠭᠠᠨ ᠤ ᠡᠬᠢᠨ ᠳᠤ ᠨᠢᠭᠡ ᠯᠡ ᠳᠡᠭᠡᠷ᠎ᠡ | ᠰᠤᠷᠭᠠᠭᠤᠯᠢ ᠳᠤ ᠨᠢ ᠰᠢᠯᠵᠢᠭᠦᠯᠦᠨ ᠥᠭᠭᠦᠨ᠎ᠡ᠃ ᠰᠤᠷᠤᠭᠴᠢ ᠶᠢᠨ ᠲᠤᠭ᠎ᠠ ᠨᠢ 100 ᠠᠴᠠ ᠳᠡᠭᠡᠭᠰᠢ ᠪᠠᠶᠢᠭ᠎ᠠ | ᠰᠤᠷᠭᠠᠭᠤᠯᠢ ᠶᠢ ᠪᠣᠳᠠᠲᠠᠶ ᠪᠠᠶᠢᠬᠤ ᠰᠤᠷᠤᠭᠴᠢ ᠶᠢᠨ ᠲᠤᠭ᠎ᠠ ᠪᠠᠷ ᠪᠣᠳᠤᠵᠤ᠂ 100 ᠰᠤᠷᠤᠭᠴᠢ ᠳᠤ ᠬᠦᠷᠬᠦ ᠦᠭᠡᠢ | ᠪᠠᠭ᠎ᠠ ᠬᠡᠪᠴᠢᠶᠡᠨ ᠤ ᠰᠤᠷᠭᠠᠭᠤᠯᠢ ᠶᠢ 100 ᠰᠤᠷᠤᠭᠴᠢ ᠪᠠᠷ ᠪᠣᠳᠣᠨ᠎ᠠ᠃ ᠰᠢᠯᠵᠢᠯᠲᠡ ᠶᠢᠨ ᠬᠤᠭᠤᠴᠠᠭᠠᠨ ᠳᠤ ᠬᠢ | ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ᠲᠤᠭᠳᠠᠯᠴᠠᠭ᠎ᠠ ᠶᠢ ᠪᠠᠶᠢᠭᠤᠯᠬᠤ 2. ᠪᠠᠭᠰᠢ ᠳᠤ ᠣᠨᠴᠠᠭᠠᠢ | ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃ 2020 | ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ᠋ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ︾ | ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ ᠬᠢᠴᠢᠶᠡᠯ ᠲᠦᠷᠦᠯ︾ ᠤᠨ | ᠪᠠᠭᠰᠢ ᠨᠠᠷ ᠲᠤ ᠥᠪᠡᠷᠲᠡᠭᠡᠨ ᠵᠠᠰᠠᠬᠤ ᠣᠷᠣᠨ ᠤ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠥᠷᠦᠯ | ᠵᠦᠢᠯ ᠤᠨ ᠲᠦᠯᠦᠪᠯᠡᠭᠡ ︵ᠳᠣᠷᠣᠭᠰᠢ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ︾ | ᠭᠡᠵᠦ ᠳᠥᠭᠦᠮᠴᠢᠯᠡᠨ᠎ᠡ︶ ᠶᠢ ᠡᠬᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠲᠢᠩᠬᠢᠮ ᠠᠴᠠ ᠣᠷᠣᠨ ᠲᠤᠭ᠎ᠠ᠂ | ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠠᠵᠢᠯ ᠤᠨ ᠪᠠᠶᠢᠷᠢ ᠶᠢᠨ ᠲᠤᠰᠬᠠᠶ ᠵᠦᠢᠯ ᠤᠨ | ᠲᠦᠯᠦᠪᠯᠡᠭᠡ︾ ᠪᠠᠷ ᠤᠷᠢᠭᠰᠠᠨ ᠪᠠᠭᠰᠢ ᠶᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ ᠬᠢᠴᠢᠶᠡᠯ ᠲᠦᠷᠦᠯ︾ ᠤᠨ | ᠪᠠᠭᠰᠢ ᠨᠡᠯᠢᠶᠡᠳ ᠶᠡᠭᠡ ᠳᠤᠲᠠᠭᠳᠠᠵᠤ ᠪᠠᠶᠢᠭ᠎ᠠ ᠭᠠᠵᠠᠷ ᠣᠷᠣᠨ ᠤ ᠪᠤᠯᠪᠠᠰᠤᠷᠠᠭᠤᠯᠤᠯ᠂ ᠠᠵᠢᠯ ᠤᠨ ᠪᠠᠶᠢᠷᠢ ᠶᠢᠨ | ᠣᠷᠤᠯᠠᠯ᠂ ᠵᠢᠭᠠᠨ ᠰᠤᠷᠭᠠᠯᠲᠠ ᠶᠢᠨ ᠣᠷᠴᠢᠯ ᠳᠤ ᠬᠡᠷᠡᠭᠯᠡᠨ᠎ᠡ᠃ ᠠᠵᠢᠯ ᠤᠨ ᠪᠠᠶᠢᠷᠢ ᠣᠷᠣᠯᠠᠬᠤ ᠵᠢᠭᠠᠨ | ᠰᠤᠷᠭᠠᠯᠲᠠ ᠶᠢ ᠬᠦᠯᠢᠶᠡᠭᠰᠡᠨ ᠰᠤᠷᠭᠠᠭᠤᠯᠢ ᠨᠤᠭᠤᠳ 1᠄ 1 ᠶᠢᠨ ᠬᠠᠷᠢᠴᠠᠯ ᠢᠶᠠᠷ ᠪᠣᠯᠪᠠᠰᠤᠷᠠᠭᠤᠯᠬᠤ ᠴᠢᠬᠤᠯᠠᠲᠠᠢ | ᠪᠠᠭᠰᠢ ᠶᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠵᠣᠬᠢᠶᠠᠨ ᠪᠠᠶᠢᠭᠤᠯᠤᠭᠰᠠᠨ | ᠲᠦᠪᠯᠡᠷᠡᠭᠦᠯᠦᠭᠰᠡᠨ ᠪᠣᠯᠪᠠᠰᠤᠷᠠᠯ ᠳᠤ ᠣᠷᠣᠯᠴᠠᠭᠤᠯᠬᠤ ᠬᠡᠷᠡᠭᠲᠡᠶ᠃ 2020 ᠣᠨ ᠳᠤ᠂ ︽ᠣᠨᠴᠠᠭᠠᠢ | ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ 300 ᠬᠥᠮᠦᠨ ᠢ | ᠤᠷᠢᠵᠤ᠂ ᠬᠤᠭᠤᠴᠠᠭᠠᠲᠠᠢ ᠦᠢᠯᠡᠴᠢᠯᠡᠬᠦ ᠳᠦᠷᠢᠮ ᠢ ᠬᠡᠷᠡᠭᠵᠢᠭᠦᠯᠦᠨ᠂ ᠦᠢᠯᠡᠴᠢᠯᠡᠬᠦ ᠬᠤᠭᠤᠴᠠᠭ᠎ᠠ ᠨᠢ ᠭᠤᠷᠪᠠᠨ | ᠵᠢᠯ᠂ ᠭᠤᠷᠪᠠᠨ ᠵᠢᠯ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠴᠤ ᠰᠠᠶᠢᠨ ᠳᠤᠷ᠎ᠠ ᠠᠴᠠ ᠪᠠᠨ ᠵᠠᠯᠭᠠᠭᠠᠳ | ᠲᠤᠰᠢᠶᠠᠯ ᠡᠭᠦᠷᠭᠡᠯᠡᠬᠦ ᠳᠤ ᠬᠦᠷᠪᠡᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠳᠤ ᠦᠵᠡᠯ ᠰᠠᠨᠠᠭ᠎ᠠ ᠤᠯᠤᠰ ᠲᠥᠷᠥ᠂ ᠠᠵᠢᠯ ᠤᠨ ᠰᠤᠷᠲᠠᠯ᠂ | ᠬᠢᠴᠢᠶᠡᠯ ᠤᠨ ᠪᠠᠷᠢᠮᠵᠢᠶ᠎ᠠ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠲᠥᠯᠥᠪᠯᠡᠭᠡ᠂ ᠨᠡᠶᠢᠲᠡᠯᠢᠭ ᠬᠡᠯᠡᠨ ᠤ | ᠬᠢᠷᠢ ᠲᠦᠪᠰᠢᠨ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠬᠢᠨᠠᠨ ᠰᠢᠯᠭᠠᠯᠲᠠ ᠬᠢᠬᠦ ᠬᠡᠷᠡᠭᠲᠡᠶ᠃ ᠬᠢᠨᠠᠨ ᠰᠢᠯᠭᠠᠯᠲᠠ ᠳᠤ | ᠬᠢᠷᠢ ᠲᠡᠩᠴᠡᠪᠡᠯ᠂ ᠡᠷᠦᠬᠡ ᠠᠮ᠊ ᠠ ᠶᠢᠨ ᠳᠠᠩᠰᠠ ᠪᠠᠶᠢᠭ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠢᠶᠠᠷ | ᠲᠤᠬᠠᠶ ᠶᠢᠨ ᠭᠠᠵᠠᠷ ᠲᠤ ᠪᠠᠨ ᠣᠷᠣᠨ ᠲᠤᠭ᠎ᠠ ᠪᠠᠨ ᠨᠠᠶᠢᠳᠠᠪᠤᠷᠢᠵᠢᠭᠤᠯᠵᠤ᠂ ᠴᠠᠯᠢᠩ ᠣᠯᠭᠤᠮᠵᠢ ᠶᠢ ᠲᠤᠬᠠᠶ ᠶᠢᠨ | ᠭᠠᠵᠠᠷ ᠤᠨ ᠢᠶᠠᠨ ᠡᠳ᠋ ᠤᠨ ᠵᠠᠰᠠᠭ ᠠᠴᠠ ᠣᠯᠭᠤᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠢᠨᠠᠨ ᠰᠢᠯᠭᠠᠭᠠᠳ | ᠬᠢᠷᠢ ᠲᠡᠩᠴᠡᠭᠰᠡᠨ ᠦᠭᠡᠢ ᠪᠣᠯ ᠳᠠᠬᠢᠵᠤ ᠤᠷᠢᠨ ᠲᠣᠮᠢᠯᠠᠬᠤ ᠦᠭᠡᠢ᠃ ︽ᠣᠨᠴᠠᠭᠠᠢ ᠲᠣᠬᠢᠷᠠᠭᠤᠯᠤᠭᠰᠠᠨ | ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ ᠶᠢᠨ ᠦᠢᠯᠡᠴᠢᠯᠡᠬᠦ | ᠬᠤᠭᠤᠴᠠᠭᠠᠨ ᠳᠤ ᠬᠢ ᠴᠠᠯᠢᠩ ᠣᠯᠭᠤᠮᠵᠢ ᠶᠢ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ | ᠪᠠᠶᠢᠷᠢ ᠶᠢᠨ ᠲᠦᠯᠦᠪᠯᠡᠭᠡ︾ ᠶᠢᠨ ᠪᠠᠭᠰᠢ ᠶᠢᠨ ᠴᠠᠯᠢᠩ ᠣᠯᠭᠤᠮᠵᠢ ᠶᠢᠨ ᠶᠣᠰᠤ ᠪᠠᠷ ᠬᠡᠷᠡᠭᠵᠢᠭᠦᠯᠬᠦ ᠬᠡᠷᠡᠭᠲᠡᠢ᠃ ︽ | ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ | ᠲᠥᠪᠯᠡᠷᠡᠭᠦᠯᠦᠨ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠤ ᠳᠠᠳᠤᠯᠭ᠎ᠠ ᠬᠢᠬᠦ ᠳᠤ ᠣᠷᠤᠯᠴᠠᠬᠤ ᠬᠤᠭᠤᠴᠠᠭ᠎ᠠ ᠨᠢ | ᠵᠢᠯ ᠰᠢᠬᠠᠮ ᠪᠠᠶᠢᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭ᠎ᠠ ᠶᠢ 3 ᠰᠠᠷ᠎ᠠ ᠠᠴᠠ ᠣᠬᠤᠷ ᠪᠠᠶᠢᠯᠭᠠᠵᠤ | ᠪᠣᠯᠬᠤ ᠦᠭᠡᠢ᠃ ᠪᠣᠯᠪᠠᠰᠤᠷᠠᠭᠤᠯᠤᠯ ᠪᠠ ᠳᠠᠳᠤᠯᠭ᠎ᠠ ᠳᠠᠭᠤᠰᠴᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ | ᠳᠠᠷᠠᠭ᠎ᠠ᠂ ᠡᠯ᠎ᠡ ᠭᠠᠵᠠᠷ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠵᠢᠯ ᠤᠨ ᠪᠠᠶᠢᠷᠢ | ᠳᠣᠬᠢᠷᠠᠭᠤᠯᠵᠤ ᠥᠭᠬᠦ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ | ᠦᠨᠳᠦᠰᠦᠲᠡᠨ᠋ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ | ᠶᠢᠨ ᠪᠠᠭᠰᠢ ᠶᠢᠨ ᠡᠩᠨᠡᠭᠡᠨ ᠤ ᠪᠦᠲᠦᠴᠡ᠂ ᠳᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠣᠨ ᠪᠣᠯᠤᠨ | ᠬᠢᠴᠢᠶᠡᠯ ᠲᠥᠷᠥᠯ ᠬᠤᠪᠢᠶᠠᠨ ᠡᠯᠰᠡᠵᠦ ᠨᠥᠬᠦᠪᠦᠷᠢᠯᠡᠬᠦ ᠲᠦᠯᠦᠪᠯᠡᠭᠡ ᠶᠢ ᠵᠦᠶ ᠵᠣᠬᠢᠰᠲᠠᠢ ᠲᠣᠭᠲᠠᠭᠠᠵᠤ᠂ ︽ | ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ ᠴᠠᠭ ᠲᠤᠬᠠᠶ ᠳᠤ ᠨᠢ ᠤᠷᠢᠨ ᠬᠡᠷᠡᠭᠯᠡᠵᠦ ᠨᠥᠬᠦᠪᠦᠷᠢᠯᠡᠬᠦ | ᠬᠡᠷᠡᠭᠲᠡᠢ᠃ 3. ᠪᠠᠭᠰᠢ ᠶᠢᠨ ᠮᠡᠷᠭᠡᠵᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠢᠨ ᠠᠶᠢᠮᠠᠭ | ᠬᠤᠲᠠ᠂ ᠬᠤᠰᠢᠭᠤ ᠰᠢᠶᠠᠨ ᠢᠶᠠᠷ ᠭᠤᠤᠯ ᠪᠣᠯᠭᠠᠭᠰᠠᠨ ᠪᠠᠭᠰᠢ ᠶᠢᠨ ᠰᠤᠷᠭᠠᠨ ᠬᠥᠮᠦᠵᠢᠯ ᠢ ᠳᠡᠮᠵᠢᠬᠦ | ᠲᠦᠯᠦᠪᠯᠡᠭᠡ ᠶᠢ ᠪᠦᠬᠦ ᠲᠠᠯ᠎ᠠ ᠪᠠᠷ ᠡᠬᠢᠯᠡᠭᠦᠯᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠣᠳᠣᠬᠢ ᠪᠠᠶᠢᠳᠠᠯ ᠵᠢᠴᠢ ᠵᠢᠭᠠᠨ | ᠰᠤᠷᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠨᠥᠬᠦᠪᠥᠷᠢᠯᠡᠬᠦ ᠠᠷᠭ᠎ᠠ ᠮᠠᠶ᠋ᠢᠭ ᠢ | ᠶᠡᠷᠦᠩᠬᠡᠶᠢᠯᠡᠨ ᠪᠣᠳᠣᠯᠬᠢᠯᠠᠵᠤ᠂ ᠣᠨ ᠬᠤᠪᠢᠶᠠᠵᠤ᠂ ᠬᠢᠴᠢᠶᠡᠯ ᠲᠥᠷᠥᠯ ᠬᠤᠪᠢᠶᠠᠭᠰᠠᠨ ᠰᠤᠷᠭᠠᠨ ᠬᠥᠮᠦᠵᠢᠯ ᠢ | ᠳᠡᠮᠵᠢᠬᠦ ᠠᠵᠢᠯᠲᠠᠨ ᠤ ᠬᠡᠪᠴᠢᠶ᠎ᠡ ᠶᠢ ᠵᠦᠶ ᠵᠣᠬᠢᠰᠲᠠᠶ ᠲᠥᠯᠦᠪᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠢ ᠳᠡᠮᠵᠢᠬᠦ | ᠬᠤᠭᠤᠴᠠᠭ᠎ᠠ ᠶᠢ 3 ᠵᠢᠯ ᠠᠴᠠ ᠣᠬᠤᠷ ᠪᠠᠶᠢᠯᠭᠠᠵᠤ ᠪᠣᠯᠬᠤ ᠦᠭᠡᠢ᠂ ᠰᠤᠷᠭᠠᠨ ᠬᠥᠮᠦᠵᠢᠯ ᠢ ᠳᠡᠮᠵᠢᠬᠦ | ᠬᠤᠭᠤᠴᠠᠭᠠᠨ ᠳᠤ ᠬᠢ ᠰᠤᠷᠭᠠᠨ ᠬᠥᠮᠦᠵᠢᠯ ᠢ ᠳᠡᠮᠵᠢᠭᠴᠢᠳ ᠤᠨ ᠠᠵᠢᠯᠲᠠᠨ ᠤ ᠶᠠᠪᠤᠳᠠᠯ ᠤᠨ ᠬᠠᠷᠢᠴᠠᠭ᠎ᠠ᠂ ᠴᠠᠯᠢᠩ | ᠣᠯᠭᠤᠮᠵᠢ ᠶᠢ ᠬᠤᠪᠢᠷᠠᠭᠤᠯᠬᠤ ᠦᠭᠡᠢ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠮᠡᠷᠭᠡᠵᠢᠯ ᠤᠨ ᠴᠣᠯᠠ | ᠲᠣᠭᠲᠠᠭᠠᠬᠤ ᠪᠠ ᠤᠷᠢᠵᠤ ᠬᠡᠷᠡᠭᠯᠡᠬᠦ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠨᠵᠢᠯᠡᠭᠡᠨ ᠤ ᠰᠠᠯᠠᠭᠠᠨ ᠤ | ᠳᠠᠭᠠᠭᠤᠯᠤᠭᠴᠢ ᠶᠢ ᠰᠢᠯᠭᠠᠷᠠᠭᠤᠯᠬᠤ ᠪᠠ ᠰᠢᠯᠢᠳᠡᠭ ᠢ ᠨᠢ ᠰᠢᠯᠭᠠᠷᠠᠭᠤᠯᠤᠨ ᠬᠥᠬᠢᠭᠦᠯᠬᠦ ᠦᠶ᠎ᠡ ᠳᠤ ᠰᠤᠷᠭᠠᠨ | ᠬᠥᠮᠦᠵᠢᠯ ᠢ ᠳᠡᠮᠵᠢᠬᠦ ᠪᠠᠭᠰᠢ ᠳᠤ ᠲᠤᠰᠬᠠᠢ ᠲᠦᠯᠦᠪᠯᠡᠭᠡ ᠬᠢᠵᠦ ᠥᠭᠬᠦ ᠬᠡᠷᠡᠭᠲᠡᠶ᠃ 4. ᠨᠢᠭᠡ ᠬᠤᠲᠠ ᠶᠢ | ᠲᠣᠭᠤᠷᠢᠵᠤ ᠵᠢᠭᠠᠨ ᠰᠤᠷᠭᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠤ ᠪᠠᠨ ᠰᠤᠷᠭᠠᠭᠤᠯᠢ ᠶᠢᠨ | ᠪᠠᠭᠰᠢ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠣᠶᠢᠷ᠎ᠠ | ᠬᠠᠪᠢ ᠶᠢᠨ ᠢᠶᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠬᠦᠷᠴᠦ᠂ ᠬᠢᠴᠢᠶᠡᠯ | ᠬᠠᠪᠰᠤᠷᠭᠠᠨ ᠵᠢᠭᠠᠬᠤ ᠶᠢ ᠵᠣᠷᠢᠭᠵᠢᠭᠤᠯᠬᠤ ᠬᠡᠷᠡᠭᠲᠡᠢ᠃ ᠮᠡᠷᠭᠡᠵᠢᠯ ᠤᠨ ᠴᠣᠯᠠ ᠲᠣᠭᠲᠠᠭᠠᠬᠤ ᠪᠠ ᠵᠢᠭᠠᠨ ᠰᠤᠷᠭᠠᠬᠤ | ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ ᠶᠢ ᠰᠢᠯᠭᠠᠷᠠᠭᠤᠯᠬᠤ ᠳᠤ ᠬᠢᠴᠢᠶᠡᠯ ᠬᠠᠪᠰᠤᠷᠭᠠᠭᠰᠠᠨ | ᠪᠠᠭᠰᠢ ᠶᠢ ᠤᠷᠢᠳ ᠢᠶᠠᠷ ᠪᠣᠳᠣᠯᠬᠢᠯᠠᠬᠤ ᠬᠡᠷᠡᠭᠲᠡᠶ᠃ 5. ︽ᠠᠮᠠᠷᠠᠯᠲᠠ ᠳᠤ ᠪᠠᠨ ᠭᠠᠷᠤᠭᠰᠠᠨ︾ ᠪᠠᠭᠰᠢ ᠶᠢ ᠤᠷᠢᠵᠤ | ᠬᠡᠷᠡᠭᠯᠡᠬᠦ ᠲᠦᠯᠦᠪᠯᠡᠭᠡ ᠶᠢ ᠬᠡᠷᠡᠭᠵᠢᠭᠦᠯᠦᠨ᠎ᠡ᠃ ᠲᠤᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ | ︶ ᠤ ᠪᠠᠨ ᠣᠷᠴᠢᠮ ᠤᠨ ᠲᠠᠪᠤᠨ ᠵᠢᠯ ᠤᠨ ᠳᠣᠲᠣᠷ᠎ᠠ ᠠᠵᠢᠯ ᠤᠨ ᠠᠮᠠᠷᠠᠯᠲᠠ ᠳᠤ ᠪᠠᠨ ᠭᠠᠷᠤᠭᠰᠠᠨ ᠰᠢᠯᠢᠳᠡᠭ᠂ | ᠭᠤᠤᠯᠯᠠᠭᠴᠢ ᠪᠠᠭᠰᠢ ᠶᠢ ᠤᠷᠢᠵᠤ᠂ ᠠᠵᠢᠯ ᠤᠨ ᠪᠠᠶᠢᠷᠢ ᠳᠤ ᠪᠠᠨ ᠪᠤᠴᠠᠵᠤ ᠪᠠᠭᠰᠢᠯᠠᠬᠤ ᠶᠢ ᠵᠣᠷᠢᠭᠵᠢᠭᠤᠯᠤᠨ᠂ | ᠤᠷᠢᠵᠤ ᠬᠡᠷᠡᠭᠯᠡᠬᠦ ᠬᠤᠭᠤᠴᠠᠭ᠎ᠠ ᠨᠢ ᠡᠩ ᠤᠨ ᠪᠠᠶᠢᠳᠠᠯ ᠳᠤ 1 ᠵᠢᠯ ᠠᠴᠠ ᠣᠬᠤᠷ ᠪᠠᠶᠢᠵᠤ ᠪᠣᠯᠬᠤ ᠥᠬᠡᠶ᠂ 65 | ᠨᠠᠰᠤᠨ ᠠᠴᠠ ᠬᠡᠲᠦᠷᠡᠵᠦ ᠪᠣᠯᠬᠤ ᠦᠭᠡᠢ᠃ ᠤᠷᠢᠭᠰᠠᠨ ᠪᠠᠭᠰᠢ ᠨᠠᠷ ᠲᠤ ᠤᠤᠯ ᠤᠨ ᠠᠵᠢᠯ ᠤᠨ ᠠᠮᠠᠷᠠᠯᠲᠠ ᠳᠤ ᠪᠠᠨ | ᠭᠠᠷᠬᠤ ᠦᠶ᠎ᠡ ᠶᠢᠨ ᠴᠠᠯᠢᠩ ᠣᠯᠭᠤᠮᠵᠢ ᠶᠢ ᠨᠢ ᠭᠦᠷᠲᠡᠭᠡᠭᠰᠡᠨ ᠰᠠᠭᠤᠷᠢᠨ ᠳᠡᠭᠡᠷ᠎ᠡ᠂ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠢ ᠯᠠᠪᠯᠠᠵᠤ᠂ ᠠᠵᠢᠯ ᠤᠨ ᠨᠥᠬᠦᠪᠦᠷᠢ ᠭᠦᠷᠲᠡᠭᠡᠬᠦ ᠬᠡᠷᠡᠭᠲᠡᠢ᠃ ᠪᠠᠭᠰᠢ ᠶᠢᠨ ᠬᠡᠪ ᠴᠢᠨᠠᠷ ᠪᠣᠯᠤᠨ | ᠴᠢᠳᠠᠪᠤᠷᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠬᠦ 6. ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠡᠯ᠎ᠡ ᠰᠤᠷᠭᠠᠭᠤᠯᠢ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠠᠭᠰ᠊ ᠢ ᠶᠢᠨ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠵᠤ | ᠂ ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠳᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠠᠴᠠ ᠪᠠᠭᠰᠢ ᠶᠢᠨ ᠪᠠᠶᠠᠷ ᠲᠤ ᠢᠯᠡᠭᠡᠭᠰᠡᠨ ᠦᠭᠡ᠂ | ︽ᠶᠡᠷᠦᠩᠬᠡᠶ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ ᠴᠢᠬᠤᠯᠠ ᠶᠠᠷᠢᠶᠠᠨ ᠤ ᠲᠠᠶᠢᠯᠤᠮᠵᠢ︾᠂ ᠶᠡᠷᠦᠩᠬᠡᠶ | ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ | ᠬᠡᠷᠡᠭᠯᠡᠬᠦ ᠲᠤᠬᠠᠶ ᠴᠢᠬᠤᠯᠠ ᠵᠢᠭᠠᠪᠤᠷᠢ ᠵᠢᠴᠢ ᠰᠤᠷᠭᠠᠨ ᠬᠥᠮᠦᠵᠢᠯ ᠤᠨ ᠶᠠᠮᠤᠨ ᠠᠴᠠ ᠳᠠᠷᠤᠮᠠᠯᠯᠠᠨ ᠲᠠᠷᠬᠠᠭᠠᠭᠰᠠᠨ ︽ | ᠰᠢᠨ᠎ᠡ ᠴᠠᠭ ᠦᠶ᠎ᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ | ᠦᠢᠯᠡ ᠠᠵᠢᠯᠯᠠᠭᠠᠨ ᠤ ᠠᠷᠪᠠᠨ ᠵᠣᠷᠪᠤᠰ ᠳᠦᠷᠢᠮ︾᠂ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ | ᠪᠠᠭᠰᠢ ᠶᠢᠨ ᠠᠵᠢᠯ ᠮᠡᠷᠭᠡᠵᠢᠯ ᠪᠠ ᠶᠣᠰᠣ ᠰᠤᠷᠲᠠᠬᠤᠨ ᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ | ᠠᠷᠭ᠎ᠠ︾᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ | ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ᠢ | ᠵᠠᠪᠠᠯ ᠰᠤᠷᠬᠤ ᠠᠭᠤᠯᠭ᠎ᠠ ᠳᠤ ᠪᠠᠨ ᠣᠷᠤᠭᠤᠯᠵᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ | ᠰᠤᠳᠤᠯᠤᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠬᠦ ᠵᠡᠷᠭᠡ ᠭᠤᠭᠴᠤᠭ᠎ᠠ ᠪᠠᠷ | ᠳᠠᠮᠵᠢᠭᠤᠯᠤᠨ᠂ ᠰᠠᠭᠤᠷᠢ ᠪᠠᠨ ᠤᠯᠠᠮ ᠨᠢᠭᠡ ᠠᠯᠬᠤᠮ ᠴᠢᠩᠭᠠᠳᠬᠠᠨ ᠤᠶᠤᠨ ᠤᠬᠠᠭᠠᠨ ᠢᠶᠠᠨ ᠪᠣᠯᠪᠠᠰᠤᠷᠠᠭᠤᠯᠵᠤ᠂ | ᠥᠷᠭᠡᠨ ᠣᠯᠠᠨ ᠪᠠᠭᠰᠢ ᠠᠵᠢᠯᠲᠠᠨ ᠢ ᠬᠥᠲᠥᠯᠥᠨ ᠵᠢᠯᠣᠭᠤᠳᠴᠤ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ | ᠪᠠᠭᠰᠢ ᠶᠢᠨ ᠰᠤᠷᠲᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠵᠦ᠂ ︽ᠳᠥᠷᠪᠡᠨ ᠤᠬᠠᠮᠰᠠᠷ︾ ᠢᠶᠠᠨ ᠦᠢᠯᠡᠳᠦᠯᠭᠡᠵᠢᠭᠦᠯᠵᠦ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠡᠯ᠎ᠡ | ᠰᠤᠷᠭᠠᠭᠤᠯᠢ ᠶᠢᠨ ᠬᠢᠨ ᠪᠠᠭᠰᠢ ᠶᠢᠨ ᠰᠤᠷᠲᠠᠯ ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠢ ᠠᠵᠢᠯ ᠤᠨ ᠪᠠᠶᠢᠷᠢ ᠳᠤ | ᠤᠷᠢᠵᠤ ᠬᠡᠷᠡᠭᠯᠡᠬᠦ᠂ ᠮᠡᠷᠭᠡᠵᠢᠯ ᠤᠨ ᠴᠤᠯᠠ ᠲᠣᠭᠲᠠᠭᠠᠬᠤ᠂ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ | ᠪᠣᠯᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠰᠢᠯᠭᠠᠵᠤ ᠣᠯᠭᠤᠬᠤ ᠲᠡᠷᠢᠭᠦᠨ ᠴᠢᠬᠤᠯᠠ | ᠨᠥᠬᠦᠴᠡᠯ ᠪᠣᠯᠭᠠᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠶᠢ ᠨᠢ ᠨᠢᠭᠡ ᠫᠢᠶᠣᠤ ᠪᠠᠷ ᠦᠭᠡᠶᠢᠰᠬᠡᠬᠦ ᠶᠢ | ᠬᠡᠷᠡᠭᠵᠢᠭᠦᠯᠬᠦ ᠬᠡᠷᠡᠭᠲᠡᠢ᠃ 7. ᠬᠤᠰᠢᠭᠤ ᠰᠢᠶᠠᠨ ᠤ ᠬᠡᠪᠴᠢᠶᠡᠨ ᠳᠤ ᠬᠢ ᠰᠤᠷᠭᠠᠭᠤᠯᠢ ᠶᠢᠨ ᠬᠤᠭᠤᠷᠣᠨᠳᠣᠬᠢ | ᠬᠤᠣᠰᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠦᠨᠳᠦᠰᠦᠲᠡᠨ ᠤ | ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ | ᠡᠩᠨᠡᠭᠡᠨ ᠤ ᠪᠦᠬᠦᠯᠢ ᠴᠣᠭᠴᠠ ᠶᠢᠨ ᠪᠠᠶᠢᠳᠠᠯ ᠢ ᠦᠨᠳᠦᠰᠦᠯᠡᠨ᠂ 2020 ᠣᠨ ᠤ 9 ᠰᠠᠷ᠎ᠠ ᠶᠢᠨ ᠰᠡᠭᠦᠯᠴᠢ ᠠᠴᠠ | ᠡᠮᠦᠨ᠎ᠡ᠂ ᠬᠤᠰᠢᠭᠤ ᠰᠢᠶᠠᠨ ᠤ ᠬᠡᠪᠴᠢᠶᠡᠨ ᠳᠤ ᠬᠢ ᠬᠤᠲᠠ ᠬᠥᠳᠡᠭᠡ ᠶᠢᠨ ᠬᠤᠭᠤᠷᠣᠨᠳᠣ᠂ ᠰᠤᠷᠭᠠᠭᠤᠯᠢ ᠶᠢᠨ | ᠬᠤᠭᠤᠷᠣᠨᠳᠣ᠂ ᠲᠡᠷᠢᠭᠦᠨ ᠤ ᠡᠩ ᠤᠨ ᠰᠤᠷᠭᠠᠭᠤᠯᠢ ᠬᠢᠭᠡᠳ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ︽ᠨᠢᠭᠡ ᠬᠠᠷᠢᠴᠠᠬᠤ ᠨᠢᠭᠡ︾᠂ ︽ᠣᠯᠠᠨ ᠬᠠᠷᠢᠴᠠᠬᠤ ᠨᠢᠭᠡ︾ ᠠᠵᠢᠯ | ᠲᠥᠷᠥᠯ ᠢᠶᠠᠷ ᠢᠶᠠᠨ ᠬᠤᠤᠰᠯᠠᠬᠤ ᠪᠤᠶᠤ ᠬᠤᠯᠪᠤᠭᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ︽ | ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ ᠵᠣᠬᠢᠶᠠᠨ ᠪᠠᠶᠢᠭᠤᠯᠵᠤ ᠬᠠᠮᠲᠤ ᠪᠠᠷ ᠬᠢᠴᠢᠶᠡᠯ ᠪᠡᠯᠡᠳᠬᠡᠬᠦ᠂ | ᠬᠢᠴᠢᠶᠡᠯ ᠰᠣᠳᠤᠯᠬᠤ᠂ ᠬᠢᠴᠢᠶᠡᠯ ᠦᠨᠡᠯᠡᠬᠦ ᠪᠠ ᠬᠤᠣᠰᠯᠠᠵᠤ ᠬᠢᠴᠢᠶᠡᠯ ᠤᠨ ᠬᠡᠯᠪᠡᠷᠢ ᠶᠢ ᠰᠠᠶᠢᠵᠢᠷᠠᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ | ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠣᠯᠤᠨ ᠬᠢᠴᠢᠶᠡᠯᠯᠡᠭᠡ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ | ᠬᠡᠷᠡᠭᠲᠡᠶ᠃ 8. ᠨᠠᠷᠠᠲᠤ ᠪᠠᠭᠰᠢ ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠳᠡᠰ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ᠂ | ᠨᠠᠷᠠᠲᠤ ᠪᠠᠭᠰᠢ ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ | ᠬᠡᠷᠡᠭᠲᠡᠢ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠵᠢᠭᠠᠬᠤ ᠶᠢ | ᠰᠤᠳᠤᠯᠬᠤ ᠰᠠᠯᠠᠭ᠎ᠠ ᠮᠥᠴᠢᠷ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠰᠢᠯᠢᠳᠡᠭ ᠵᠢᠭᠠᠨ | ᠰᠤᠳᠤᠯᠤᠭᠴᠢ ᠶᠢ ᠵᠣᠬᠢᠶᠠᠨ ᠪᠠᠶᠢᠭᠤᠯᠬᠤ ᠪᠤᠶᠤ ︽ᠭᠤᠷᠪᠠᠳᠤᠭᠠᠷ ᠳᠡᠰ︾ ᠤᠨ ᠨᠡᠷᠡᠲᠦ ᠪᠠᠭᠰᠢ ᠶᠢᠨ ᠠᠵᠢᠯᠯᠠᠬᠤ | ᠭᠠᠵᠠᠷ ᠤᠨ ᠬᠠᠷᠢᠭᠤᠴᠠᠯᠭᠠᠲᠠᠳ ᠠᠴᠠ ᠲᠦᠷᠦᠭᠦᠯᠡᠵᠦ᠂ ᠮᠡᠷᠭᠡᠵᠢᠯᠲᠡᠨ ᠤ ᠪᠦᠯᠬᠦᠮ ᠢ ᠪᠦᠷᠢᠯᠳᠦᠭᠦᠯᠵᠦ᠂ ᠲᠤᠰ | ᠭᠠᠵᠠᠷ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ | ᠰᠠᠯᠠᠭ᠎ᠠ︾ ᠶᠢᠨ ᠪᠠᠭᠰᠢ ᠶᠢᠨ ᠠᠵᠢᠯᠯᠠᠬᠤ ᠭᠠᠵᠠᠷ ᠲᠤ ᠣᠴᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ | ᠶᠠᠷᠢᠵᠤ ᠵᠢᠱᠢᠶ᠎ᠡ ᠦᠵᠡᠭᠦᠯᠬᠦ᠂ ᠠᠳᠠᠯᠢ ᠬᠢᠴᠢᠶᠡᠯ ᠢ ᠠᠳᠠᠯᠢ ᠪᠣᠰᠤ ᠪᠥᠲᠦᠴᠡ ᠪᠠᠷ ᠵᠢᠭᠠᠬᠤ᠂ ᠣᠨᠣᠰᠢᠯᠠᠵᠤ | ᠮᠠᠳᠠᠭ ᠢ ᠨᠢ ᠲᠠᠶᠢᠯᠬᠤ ᠵᠡᠷᠭᠡ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠩ | ᠣᠯᠠᠨ ᠪᠠᠭᠰᠢ ᠶᠢ ᠬᠥᠲᠥᠯᠥᠨ ᠵᠢᠯᠣᠭᠤᠳᠴᠤ ᠰᠢᠨ᠎ᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠭᠦᠯᠵᠦ᠂ ᠰᠢᠨ᠎ᠡ | ᠵᠢᠭᠠᠬᠤ ᠠᠷᠭ᠎ᠠ ᠶᠢ ᠰᠠᠶᠢᠲᠤᠷ ᠡᠵᠡᠮᠰᠢᠭᠦᠯᠬᠦ ᠬᠡᠷᠡᠭᠲᠡᠢ᠃ 9. ᠱᠠᠲᠤ ᠬᠤᠪᠢᠶᠠᠨ ᠪᠣᠯᠪᠠᠰᠤᠷᠠᠭᠤᠯᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠵᠢᠱᠢᠶ᠎ᠡ | ᠦᠵᠡᠭᠦᠯᠬᠦ ᠶᠢ ᠠᠳᠬᠤᠬᠤ᠂ ᠠᠶᠢᠮᠠᠭ ᠬᠤᠲᠠ ᠭᠤᠣᠯᠯᠠᠬᠤ ᠬᠦᠴᠦᠨ ᠢ ᠠᠳᠬᠤᠬᠤ᠂ ᠬᠤᠰᠢᠭᠤ ᠰᠢᠶᠠᠨ ᠪᠥᠬᠦ | ᠠᠵᠢᠯᠲᠠᠨ ᠢ ᠠᠳᠬᠤᠬᠤ᠂ ᠰᠤᠷᠭᠠᠭᠤᠯᠢ ᠵᠢᠭᠠᠬᠤ ᠪᠠ ᠰᠣᠳᠤᠯᠬᠤ ᠶᠢ ᠪᠣᠯᠪᠠᠰᠤᠷᠠᠭᠤᠯᠵᠤ ᠰᠤᠳᠤᠯᠤᠨ ᠰᠤᠷᠤᠯᠴᠠᠬᠤ | ᠳᠦᠷᠢᠮ ᠢ ᠦᠨᠳᠦᠰᠦᠨ ᠠᠴᠠ ᠨᠢ ᠠᠳᠬᠤᠬᠤ ᠶᠢ ᠳᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠠᠴᠠ ᠭᠤᠤᠯᠯᠠᠬᠤ ᠪᠠᠭᠰᠢ᠂ ᠵᠢᠭᠠᠬᠤ ᠶᠢ ᠰᠤᠳᠤᠯᠬᠤ ᠠᠵᠢᠯᠲᠠᠨ ᠤ ᠵᠢᠱᠢᠶ᠎ᠡ ᠦᠵᠡᠭᠦᠯᠬᠦ ︽ᠭᠠᠷᠮᠠᠭᠠᠶᠢᠯᠠᠭᠴᠢ | ︾ ᠶᠢᠨ ᠪᠣᠯᠪᠠᠰᠤᠷᠠᠭᠤᠯᠤᠯ ᠢ ᠬᠠᠷᠢᠭᠤᠴᠠᠵᠤ᠂ 300 ᠰᠢᠬᠠᠮ ᠬᠥᠮᠦᠨ ᠢ ᠪᠣᠯᠪᠠᠰᠤᠷᠠᠭᠤᠯᠤᠨ᠎ᠠ᠃ ᠠᠶᠢᠮᠠᠭ | ᠬᠤᠲᠠ ᠨᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ | ᠬᠤᠣᠰ ᠬᠡᠯᠡᠨ ᠤ ᠭᠤᠣᠯᠯᠠᠭᠴᠢ ᠪᠠᠭᠰᠢ ᠶᠢ ᠪᠣᠯᠪᠠᠰᠤᠷᠭᠤᠯᠬᠤ ᠶᠢ ᠬᠠᠷᠢᠭᠤᠴᠠᠵᠤ᠂ ᠬᠤᠰᠢᠭᠤ ᠰᠢᠶᠠᠨ ︵ᠬᠤᠲᠠ᠂ | ᠲᠣᠭᠤᠷᠢᠭ︶ ᠠᠴᠠ ᠪᠦᠬᠦ ᠪᠠᠭᠰᠢ ᠶᠢ ᠪᠣᠯᠪᠠᠰᠤᠷᠠᠭᠤᠯᠬᠤ ᠶᠢ ᠬᠠᠷᠢᠭᠤᠴᠠᠵᠤ᠂ ᠡᠯ᠎ᠡ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠨᠢ ᠰᠤᠷᠭᠠᠭᠤᠯᠢ ᠶᠢᠨ ᠵᠢᠭᠠᠬᠤ ᠪᠠ ᠰᠣᠳᠤᠯᠬᠤ ᠶᠢ ᠬᠠᠷᠢᠭᠤᠴᠠᠬᠤ ᠬᠡᠷᠡᠭᠲᠡᠶ᠃ ᠪᠣᠯᠪᠠᠰᠤᠷᠠᠭᠤᠯᠤᠯ ᠢ | ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶ᠎ᠡ ᠪᠠᠷ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠰᠤᠷᠭᠠᠭᠤᠯᠢ ᠳᠤ | ᠬᠦᠷᠭᠡᠬᠦ᠂ ᠨᠡᠷᠡᠲᠦ ᠪᠠᠭᠰᠢ ᠵᠢᠯᠣᠭᠤᠳᠬᠤ ᠪᠠ ᠠᠵᠢᠯ ᠤᠨ ᠪᠠᠶᠢᠷᠢ ᠳᠤ ᠰᠣᠳᠤᠯᠤᠨ ᠰᠤᠷᠤᠯᠴᠠᠬᠤ ᠵᠡᠷᠭᠡ ᠠᠷᠭ᠎ᠠ | ᠮᠠᠶ᠋ᠢᠭ ᠢᠶᠠᠷ ᠶᠠᠪᠤᠭᠳᠠᠭᠤᠯᠤᠨ᠎ᠠ᠃ ᠪᠣᠯᠪᠠᠰᠤᠷᠠᠭᠤᠯᠬᠤ ᠠᠭᠤᠯᠭ᠎ᠠ ᠪᠠ ᠬᠡᠷᠡᠭᠵᠢᠭᠦᠯᠬᠦ ᠲᠥᠰᠦᠯ ᠢ ᠠᠳᠠᠯᠢ ᠪᠤᠰᠤ | ᠲᠥᠷᠥᠯ ᠬᠡᠯᠪᠡᠷᠢ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠡᠷᠡᠭᠴᠡᠭᠡ ᠱᠠᠭᠠᠷᠳᠠᠯᠭᠠᠲᠤ | ᠪᠣᠯᠪᠠᠰᠤᠷᠠᠭᠤᠯᠤᠯ ᠬᠦᠷᠲᠡᠬᠦ ᠬᠥᠮᠦᠰ ᠢ ᠦᠨᠳᠦᠰᠦᠯᠡᠨ ᠲᠣᠭᠲᠠᠭᠠᠵᠤ᠂ ᠪᠣᠯᠪᠠᠰᠤᠷᠠᠭᠤᠯᠬᠤ ᠦᠶᠡᠯᠡᠯ ᠨᠢ 3 ᠵᠢᠯ ᠢᠶᠠᠷ | ᠡᠭᠡᠯᠵᠢᠯᠡᠬᠦ ᠪᠣᠯᠤᠨ᠎ᠠ᠃ 10. ︽ᠭᠠᠷᠮᠠᠭᠠᠶ ᠪᠠᠭᠰᠢ︾ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠯ᠎ᠡ | ᠬᠢᠴᠢᠶᠡᠯ ᠲᠦᠷᠦᠯ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠢᠴᠢᠶᠡᠯ ᠲᠦᠷᠦᠯ ᠤᠨ ᠳᠠᠭᠠᠭᠤᠯᠤᠭᠴᠢ | ᠪᠣᠯᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠯ ᠢ ᠬᠦᠷᠲᠡᠭᠰᠡᠨ ᠪᠥᠭᠡᠳ ᠰᠢᠯᠢᠳᠡᠭ ᠬᠤᠣᠰ ᠬᠡᠯᠡᠨ ᠤ | ᠪᠠᠭᠰᠢ ᠪᠠᠷ ᠰᠢᠯᠭᠠᠷᠠᠭᠤᠯᠤᠭᠰᠠᠳ ᠢ ︽ᠭᠠᠷᠮᠠᠭᠠᠶ ᠪᠠᠭᠰᠢ︾ ᠬᠥᠮᠦᠵᠢᠭᠦᠯᠬᠦ ᠵᠢᠱᠢᠭᠳᠡᠭᠴᠢ ᠪᠣᠯᠭᠠᠵᠤ᠂ ᠭᠤᠷᠪᠠᠨ | ᠬᠤᠭᠤᠴᠠᠭ᠎ᠠ ᠬᠤᠪᠢᠶᠠᠵᠤ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ | ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠨᠡᠷᠡᠲᠦ | ᠰᠤᠷᠭᠠᠭᠤᠯᠢ ᠳᠤ ᠨᠠᠶᠢᠳᠠᠵᠤ᠂ ︽ᠬᠡᠰᠡᠭ ᠬᠤᠪᠢᠶᠠᠨ ᠣᠯᠠᠨ ᠤᠳᠠᠭ᠎ᠠ ᠲᠥᠪᠯᠡᠷᠡᠭᠦᠯᠬᠦ + ᠰᠦᠯᠵᠢᠶ᠎ᠡ ᠪᠠᠷ | ᠰᠤᠳᠤᠯᠤᠨ ᠰᠤᠷᠤᠯᠴᠠᠬᠤ + ᠠᠵᠢᠯ ᠤᠨ ᠪᠠᠶᠢᠷᠢ ᠳᠤ ᠪᠠᠨ ᠪᠤᠴᠠᠨ ᠦᠢᠯᠡᠳᠦᠯᠭᠡᠵᠢᠭᠦᠯᠬᠦ + ᠨᠡᠷᠡᠲᠦ | ᠰᠤᠷᠭᠠᠭᠤᠯᠢ ᠶᠢ ᠰᠤᠷᠪᠤᠯᠵᠢᠯᠠᠬᠤ︾ ᠵᠡᠷᠭᠡ ᠠᠷᠭ᠎ᠠ ᠮᠠᠶ᠋ᠢᠭ ᠢ ᠠᠪᠴᠤ᠂ 2 ᠵᠢᠯ ᠢ ᠨᠢᠭᠡ ᠦᠶᠡᠯᠡᠯ ᠪᠣᠯᠭᠠᠨ | ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ ᠤᠨ ᠬᠤᠭᠤᠴᠠᠭ᠎ᠠ ᠨᠢ ᠳᠠᠭᠤᠰᠴᠤ᠂ ᠬᠢᠨᠠᠨ ᠰᠢᠯᠭᠠᠭᠠᠳ ᠬᠢᠷᠢ | ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ︽ᠬᠢᠴᠢᠶᠡᠯ ᠲᠦᠷᠦᠯ ᠤᠨ ᠳᠠᠭᠠᠭᠤᠯᠤᠭᠴᠢ︾ ᠶᠢᠨ | ᠬᠠᠮᠢᠶ᠎ᠠ ᠪᠦᠬᠦᠢ ᠣᠯᠭᠤᠮᠵᠢ ᠶᠢ ᠬᠦᠷᠲᠡᠵᠦ᠂ ᠨᠢᠭᠡ ᠪᠦᠯᠦᠭ ᠥᠪᠡᠷᠮᠢᠴᠡ ᠵᠢᠭᠠᠨ ᠰᠤᠷᠭᠠᠬᠤ ᠬᠡᠪ ᠨᠠᠮᠪᠠ ᠲᠠᠢ᠂ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠵᠢᠯᠣᠭᠤᠳᠴᠤ ᠴᠢᠳᠠᠬᠤᠶᠢᠴᠠ ᠰᠤᠷᠭᠠᠨ ᠬᠦᠮᠦᠵᠢᠯᠲᠡᠨ ᠤ ᠮᠠᠶ᠋ᠢᠭᠲᠤ | ᠭᠤᠤᠯᠯᠠᠬᠤ ᠪᠠᠭᠰᠢ ᠶᠢᠨ ᠬᠠᠮᠲᠤᠯᠢᠭ ᠢ ᠬᠦᠴᠦᠯᠡᠨ ᠬᠥᠮᠥᠵᠢᠭᠦᠯᠬᠦ ᠬᠡᠷᠡᠭᠲᠡᠶ᠃ 11. ᠪᠠᠭᠰᠢ ᠨᠠᠷ ᠤᠨ | ᠰᠤᠷᠤᠯᠭ᠎ᠠ ᠶᠢᠨ ᠨᠠᠮᠲᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ | ᠨᠠᠶᠢᠳᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠬᠢᠴᠢᠶᠡᠯ ᠲᠦᠷᠦᠯ | ︾ ᠤᠨ ᠬᠤᠣᠰ ᠬᠡᠯᠡᠨ ᠤ ᠪᠠᠭᠰᠢ ᠶᠢᠨ ᠠᠩᠭᠢ ᠶᠢ ᠡᠷᠬᠢᠯᠡᠵᠦ᠂ ᠰᠤᠷᠤᠯᠭ᠎ᠠ ᠶᠢᠨ ᠳᠦᠷᠢᠮ ᠢ ᠬᠤᠯᠪᠣᠭᠳᠠᠯ ᠪᠦᠬᠦᠢ | ᠲᠣᠭᠲᠠᠭᠠᠯ ᠶᠣᠰᠤ ᠪᠠᠷ ᠬᠡᠷᠡᠭᠵᠢᠭᠦᠯᠵᠦ᠂ ᠰᠤᠷᠤᠯᠭ᠎ᠠ ᠪᠠᠨ ᠳᠡᠭᠦᠰᠬᠦ ᠶᠢᠨ ᠬᠠᠮᠲᠤ ᠬᠢᠨᠠᠨ ᠰᠢᠯᠭᠠᠭᠠᠳ ᠬᠢᠷᠢ | ᠲᠡᠩᠴᠡᠭᠰᠡᠳ ᠲᠤ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠲᠡᠭᠦᠰᠦᠭᠰᠡᠨ ᠰᠤᠷᠤᠯᠭ᠎ᠠ ᠶᠢᠨ ᠨᠠᠮᠲᠠᠷ ᠤᠨ | ᠦᠨᠡᠮᠯᠡᠯ ᠢ ᠣᠯᠭᠤᠨ᠎ᠠ᠃ ᠰᠤᠷᠤᠯᠭ᠎ᠠ ᠶᠢᠨ ᠬᠤᠭᠤᠴᠠᠭᠠᠨ᠋ ᠳᠤ ᠬᠢ ᠪᠠᠭᠰᠢ ᠶᠢᠨ ᠤᠤᠯ ᠤᠨ ᠠᠵᠢᠯ ᠤᠨ | ᠪᠠᠶᠢᠷᠢ ᠳᠤ ᠬᠢ ᠬᠠᠷᠠᠭᠠᠯᠵᠠᠯ ᠢ ᠬᠤᠪᠢᠷᠠᠭᠤᠯᠬᠤ ᠥᠬᠡᠶ᠂ ᠰᠤᠷᠤᠯᠭ᠎ᠠ ᠶᠢᠨ ᠰᠦᠢᠳᠭᠡᠯ᠂ ᠬᠢᠴᠢᠶᠡᠯ ᠤᠨ ᠡᠬᠢ | ᠪᠠᠶᠠᠯᠢᠭ ᠤᠨ ᠰᠦᠢᠳᠭᠡᠯ᠂ ᠵᠢᠭᠠᠬᠤ ᠮᠠᠲ᠋ᠧᠷᠢᠶᠠᠯ ᠤᠨ ᠰᠦᠢᠳᠭᠡᠯ ᠵᠡᠷᠭᠡ ᠶᠢ ᠵᠠᠷᠴᠢᠮ ᠳᠡᠭᠡᠷ᠎ᠡ ᠪᠠᠨ ᠪᠠᠶᠢᠭᠤᠯᠭ᠎ᠠ | ᠨᠢᠭᠡᠴᠢ ᠪᠣᠯᠤᠨ ᠬᠤᠪᠢ ᠬᠥᠮᠦᠨ ᠵᠣᠬᠢᠬᠤ ᠬᠠᠷᠢᠴᠠᠯ ᠢᠶᠠᠷ ᠬᠤᠪᠢᠶᠠᠨ ᠡᠭᠦᠷᠭᠡᠯᠡᠬᠦ ᠬᠡᠷᠡᠭᠲᠡᠢ᠃ 12. ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ᠂ APP ᠢᠶᠠᠷ ᠡᠭᠦᠷᠭᠡ ᠶᠢ ᠳᠠᠮᠵᠢᠭᠤᠯᠤᠨ ᠬᠦᠷᠭᠡᠬᠦ᠂ ᠲᠤᠰᠬᠠᠶ | ᠮᠡᠷᠭᠡᠵᠢᠯᠲᠡᠨ ᠬᠠᠷᠢᠯᠴᠠᠨ ᠵᠢᠯᠣᠭᠤᠳᠬᠤ᠂ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠨᠢᠭᠡ ᠬᠠᠷᠢᠴᠠᠬᠤ | ᠨᠢᠭᠡ ᠪᠠᠷ ᠬᠠᠪᠰᠤᠷᠤᠨ ᠵᠢᠯᠣᠭᠤᠳᠬᠤ᠂ ᠰᠣᠳᠣᠨ ᠪᠢᠴᠢᠯ ᠬᠢᠴᠢᠶᠡᠯᠯᠡᠭᠡ ᠶᠢ ᠬᠤᠪᠢᠶᠠᠯᠴᠠᠬᠤ ᠵᠡᠷᠭᠡ ᠰᠦᠯᠵᠢᠶᠡᠨ ᠤ | ᠰᠤᠷᠤᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠬᠢᠵᠦ᠂ ᠪᠣᠯᠪᠠᠰᠤᠷᠠᠭᠤᠯᠬᠤ ᠬᠤᠭᠤᠴᠠᠭ᠎ᠠ ᠨᠢ 2 | ᠰᠠᠷ᠎ᠠ ᠪᠣᠯᠤᠨ᠎ᠠ᠃ ᠵᠢᠯ ᠪᠦᠷᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠤᠣᠰ | ᠬᠡᠯᠡᠨ ᠤ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ 500 — 600 ᠬᠥᠮᠦᠨ ᠢ | ᠪᠣᠯᠪᠠᠰᠤᠷᠠᠭᠤᠯᠵᠤ᠂ ᠬᠠᠮᠤᠭ ᠤᠨ ᠪᠠᠭ᠎ᠠ ᠳᠤ ᠪᠠᠨ 3 ᠵᠢᠯ ᠳᠠᠷᠠᠭᠠᠯᠠᠨ ᠬᠡᠷᠡᠭᠵᠢᠭᠦᠯᠦᠨ᠎ᠡ᠃ ᠰᠢᠯᠢᠳᠡᠭ ᠪᠠᠭᠰᠢ ᠶᠢᠨ | ᠡᠬᠢ ᠪᠠᠶᠠᠯᠢᠭ ᠢ ᠨᠥᠭᠡᠴᠡᠯᠡᠬᠦ ᠲᠦᠯᠦᠪᠯᠡᠭᠡ ᠶᠢ ᠬᠡᠷᠡᠭᠵᠢᠭᠦᠯᠬᠦ 13. ᠰᠢᠯᠢᠳᠡᠭ ᠪᠠᠭᠰᠢ ᠶᠢᠨ ᠡᠬᠢ ᠪᠠᠶᠠᠯᠢᠭ ᠢ | ᠨᠥᠭᠡᠴᠡᠯᠡᠬᠦ ᠶᠢ ᠴᠢᠩᠭᠠᠳᠬᠠᠨ᠎ᠠ᠃ 2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠪᠠᠭᠰᠢ ᠶᠢ | ᠠᠯᠪᠠᠨ ᠵᠠᠷᠤᠳᠠᠯ ᠢᠶᠠᠷ ᠬᠠᠨᠳᠤᠯᠭᠠᠲᠠᠢ ᠬᠥᠮᠦᠵᠢᠭᠦᠯᠬᠦ ᠲᠦᠯᠦᠪᠯᠡᠭᠡ︾ ᠪᠠᠷ ᠳᠠᠮᠵᠢᠭᠤᠯᠤᠨ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ᠂ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ | ᠬᠤᠤᠰ ᠬᠡᠯᠡᠨ ᠤ ᠰᠢᠯᠢᠳᠡᠭ ᠪᠠᠭᠰᠢ ᠶᠢ ᠬᠥᠮᠥᠵᠢᠭᠦᠯᠦᠨ ᠨᠥᠭᠡᠴᠡᠯᠡᠵᠦ᠂ ᠵᠢᠯ ᠪᠦᠷᠢ ᠨᠢᠭᠡᠳᠦᠭᠡᠷ ᠪᠦᠯᠦᠭ ᠤᠨ | ᠵᠢᠩᠬᠢᠨᠢ ᠠᠩᠭᠢ ᠳᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠢᠵᠠᠭᠠᠷ ᠬᠤᠪᠢᠨ ᠳᠤ ᠬᠦᠷᠦᠭᠰᠡᠨ ᠪᠠᠭᠰᠢᠯᠠᠬᠤ | ᠳᠤᠷᠠᠳᠠᠢ᠂ ᠪᠠᠭᠰᠢᠯᠠᠬᠤ ᠳᠤ ᠲᠣᠬᠢᠷᠠᠮᠵᠢᠲᠠᠢ᠂ ᠪᠠᠭᠰᠢᠯᠠᠬᠤ ᠳᠤ ᠴᠢᠳᠠᠮᠠᠭᠠᠢ ᠮᠥᠷᠲᠡᠭᠡᠨ ᠬᠤᠣᠰ ᠬᠡᠯᠡᠨ ᠤ ᠰᠤᠷᠭᠠᠨ | ᠬᠥᠮᠦᠵᠢᠯ ᠤᠨ ᠦᠢᠯᠡᠰ ᠢ ᠬᠠᠶᠢᠷᠠᠯᠠᠳᠠᠭ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠢᠯᠢᠳᠡᠭ | ᠰᠤᠷᠤᠭᠴᠢᠳ ᠢ ᠰᠢᠯᠢᠨ ᠰᠣᠩᠭᠤᠵᠤ ᠤᠷᠢᠳᠴᠢᠯᠠᠨ ᠡᠯᠰᠡᠵᠦ᠂ ᠲᠥᠯᠦᠪᠦᠷᠢ ᠦᠭᠡᠢ ᠪᠠᠷ ᠬᠥᠮᠦᠵᠢᠭᠦᠯᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠲᠤᠰᠬᠠᠶ ᠵᠦᠢᠯ ᠤᠨ ᠬᠥᠮᠦᠵᠢᠯ ᠢ ᠭᠦᠷᠲᠡᠭᠡᠬᠦ ᠬᠡᠷᠡᠭᠲᠡᠢ᠃ ᠠᠯᠪᠠᠨ ᠰᠦᠢᠳᠭᠡᠯ ᠢᠶᠠᠷ | ᠰᠤᠷᠤᠯᠴᠠᠬᠤ ᠬᠤᠤᠰ ᠬᠡᠯᠡᠨ᠋ ᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠡᠯ᠎ᠡ | ᠭᠠᠵᠠᠷ ᠤᠨ ᠬᠢᠨ ᠪᠠᠭᠰᠢ ᠶᠢᠨ ᠡᠩᠨᠡᠭᠡᠨ ᠤ ᠨᠠᠰᠤ ᠵᠢᠯ ᠤᠨ ᠪᠦᠲᠦᠴᠡ᠂ ᠲᠤᠰᠬᠠᠶ ᠮᠡᠷᠭᠡᠵᠢᠯ ᠤᠨ ᠬᠢᠷᠢ ᠲᠦᠪᠰᠢᠨ | ᠵᠡᠷᠭᠡ ᠶᠢ ᠦᠨᠳᠦᠰᠦᠯᠡᠨ ᠶᠡᠷᠦᠩᠬᠡᠶ ᠦᠨᠡᠯᠡᠯᠲᠡ ᠬᠢᠵᠦ᠂ ᠠᠶᠢᠮᠠᠭ ᠬᠤᠲᠠ ᠪᠠᠷ ᠨᠢᠭᠡᠴᠢ ᠪᠣᠯᠭᠠᠨ ᠥᠪᠡᠰᠦᠪᠡᠨ | ᠮᠡᠳᠡᠭᠦᠯᠬᠦ ᠬᠡᠷᠡᠭᠲᠡᠶ᠃ ᠣᠳᠣᠬᠠᠨ ᠳᠤ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠲᠤᠰᠬᠠᠶ | ᠮᠡᠷᠭᠡᠵᠢᠯ ᠤᠨ ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠬᠢᠲᠠᠳ ᠢᠶᠠᠷ | ᠬᠢᠴᠢᠶᠡᠯᠯᠡᠬᠦ ᠬᠤᠪᠢ ᠶᠢᠨ ᠵᠢᠩ ᠢ ᠨᠡᠮᠡᠭᠳᠡᠭᠦᠯᠵᠦ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠴᠢᠳᠠᠪᠤᠷᠢᠲᠠᠢ ᠬᠤᠤᠰ ᠬᠡᠯᠡᠨ ᠤ | ᠪᠠᠭᠰᠢ ᠶᠢ ᠬᠦᠴᠦᠯᠡᠨ ᠬᠥᠮᠥᠵᠢᠭᠦᠯᠬᠦ ᠬᠡᠷᠡᠭᠲᠡᠢ᠃ | | |