ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/10/18
     2021 ᠣᠨ ᠤ 10 ᠳ᠋ᠤᠭᠠᠷ ᠰᠠᠷ᠎ᠠ ᠶᠢᠨ 17 ᠤ ᠡᠳᠦᠷ ᠤᠨ 7 ᠴᠠᠭ ᠠᠴᠠ 10 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃     2021 ᠣᠨ ᠤ 10 ᠳ᠋ᠤᠭᠠᠷ ᠰᠠᠷ᠎ᠠ ᠶᠢᠨ 18 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠡᠳ ᠲᠠᠬᠢᠨ ᠨᠡᠷᠪᠡᠭᠳᠡᠭᠰᠡᠨ ᠡᠪᠡᠳᠴᠢᠨ ᠤ ᠵᠢᠱᠢᠶ᠎ᠡ 1 ︵ᠬᠢᠩᠭᠠᠨ ᠠᠶᠢᠮᠠᠭ ᠤᠨ ᠤᠯᠠᠭᠠᠨᠬᠤᠲᠠ ᠳᠤ︶᠂ ᠥᠪᠦᠷ ᠮᠣᠩᠭᠤᠯ ᠣᠷᠤᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 2 ︵ᠡᠷᠢᠶᠡᠨ ᠬᠤᠲᠠᠨ ᠳᠤ︶ ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号