ᠯᠢᠨᠰᠢ ᠰᠢᠶᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2021/10/20
     ᠨᠢᠭᠡ ᠳᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠭᠦᠨᠵᠡᠭᠡᠶ ᠥᠷᠨᠢᠭᠦᠯᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠬᠠᠮᠲᠤᠯᠢᠭ ᠲᠤ ᠴᠢᠭᠯᠡᠭᠦᠯᠦᠨ ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠠᠵᠢᠯᠲᠠᠨ ᠤ ᠪᠠᠶᠢᠳᠠᠯ᠂ ᠰᠤᠷᠪᠤᠯᠵᠢᠯᠠᠭ᠎ᠠ ᠶᠢᠨ ᠮᠡᠳᠡᠭᠡ ᠵᠠᠩᠭᠢ ᠵᠡᠷᠭᠡ ᠪᠠᠶᠢᠳᠠᠯ ᠢ ᠡᠯ᠎ᠡ ᠬᠠᠷᠢᠶ᠎ᠠ ᠭᠠᠵᠠᠷ ᠣᠷᠣᠨ ᠪᠠ ᠬᠠᠷᠢᠭᠤᠴᠠᠯᠭᠠᠲᠤ ᠨᠢᠭᠡᠴᠡ ᠳᠤ ᠴᠠᠭ ᠲᠤᠬᠠᠶ ᠳᠤᠨᠢ ᠬᠠᠷᠢᠭᠤ ᠲᠣᠰᠬᠠᠪᠠ᠃ 2021 ᠣᠨ ᠤ ᠡᠬᠢ ᠠᠴᠠ ᠣᠲᠣ ᠪᠣᠯᠲᠠᠯ᠎ᠠ᠂ ᠡᠯ᠎ᠡ ᠭᠠᠵᠠᠷ ᠣᠷᠣᠨ᠂ ᠨᠢᠭᠡᠴᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 50 ᠭᠠᠷᠤᠶ ᠬᠤᠪᠢ ᠳᠠᠷᠤᠮᠠᠯᠯᠠᠨ ᠲᠠᠷᠬᠠᠭᠠᠵᠤ᠂ ᠶᠡᠭᠡ ᠬᠡᠪᠴᠢᠶ᠎ᠡ ᠪᠠᠷ ᠬᠠᠮᠲᠤ ᠪᠠᠷ ᠢᠶᠠᠨ ᠬᠤᠲᠠ ᠲᠣᠭᠤᠷᠢᠭ ᠲᠤ ᠬᠦᠷᠬᠦ ᠪᠠ ᠪᠡᠭᠡᠵᠢᠩ ᠳᠤ ᠬᠦᠷᠬᠦ ᠵᠡᠷᠭᠡ ᠳᠡᠭᠡᠭᠰᠢ ᠰᠤᠷᠪᠤᠯᠵᠢᠯᠠᠬᠤ ᠪᠠᠶᠢᠳᠠᠯ ᠭᠠᠷᠤᠭᠰᠠᠨ ᠥᠬᠡᠶ᠃ ᠡᠯ᠎ᠡ ᠰᠢᠶᠠᠩ ᠪᠠᠯᠭᠠᠰᠦ᠂ ᠵᠡᠭᠡᠯᠢ ᠭᠤᠳᠤᠮᠵᠢ᠂ ᠰᠠᠯᠠᠭ᠎ᠠ ᠮᠥᠴᠢᠷ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠪᠠᠶᠢᠳᠠᠯ ᠲᠣᠭᠲᠠᠭᠤᠨ ᠪᠠᠶᠢᠨ᠎ᠠ᠃     ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠠᠮᠳᠠᠭᠤᠯᠤᠨ ᠰᠢᠢᠳᠪᠦᠷᠢᠯᠡᠬᠦ ᠠᠵᠢᠯ ᠢ ᠴᠢᠩᠭᠠᠳᠬᠠᠪᠠ ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠮᠠᠨ ᠤ ᠰᠢᠶᠠᠨ ᠤ ᠠᠷᠠᠳ ᠤᠨ ᠠᠮᠢᠳᠤᠷᠠᠯ ᠤᠨ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ 35 ᠬᠤᠪᠢ ᠤᠳᠠᠭ᠎ᠠ ᠳᠤ ᠬᠦᠷᠴᠦ᠂ ᠪᠦᠬᠦᠨ ᠢ ᠨᠠᠮᠳᠠᠭᠤᠯᠤᠭᠰᠠᠨ ᠪᠥᠭᠡᠳ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠭᠰᠠᠨ ᠠᠯᠪᠠᠨ ᠬᠡᠷ ᠠᠴᠠ ᠮᠠᠨ ᠤ ᠰᠢᠶᠠᠨ ᠳᠤ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 25 ᠬᠤᠪᠢ ᠤᠳᠠᠭ᠎ᠠ ᠰᠢᠢᠳᠪᠦᠷᠢᠯᠡᠭᠦᠯᠬᠦ ᠪᠠᠷ ᠲᠤᠰᠢᠶᠠᠨ ᠥᠭᠴᠡᠶ᠂ ᠡᠭᠦᠨ ᠤ ᠳᠣᠲᠣᠷ᠎ᠠ ᠬᠠᠤᠯᠢ ᠴᠠᠭᠠᠵᠠ ᠳᠤ ᠬᠤᠯᠪᠣᠭᠳᠠᠬᠤ ᠪᠠ ᠵᠠᠷᠭᠤ ᠳᠤ ᠬᠤᠯᠪᠣᠭᠳᠠᠬᠤ ᠵᠦᠢᠯᠡᠰ ᠢ 1 ᠬᠤᠪᠢ ᠬᠢᠨᠠᠨ ᠬᠠᠰᠤᠵᠤ᠂ ᠪᠤᠰᠤᠳ 24 ᠵᠦᠢᠯ ᠤᠨ ᠠᠷᠠᠳ ᠤᠨ ᠠᠮᠢᠳᠤᠷᠠᠯ ᠤᠨ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠨᠲᠡ ᠪᠥᠬᠦᠳᠡ ᠶᠢ ᠳᠡᠭᠡᠭᠰᠢ ᠮᠡᠳᠡᠭᠦᠯᠵᠡᠶ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号