ᠯᠢᠨᠰᠢ ᠰᠢᠶᠠᠨ ᠨᠢᠭᠡ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠᠷ | ᠪᠠᠶᠢᠨ᠎ᠠ᠂ ᠵᠢᠱᠢᠯᠲᠡ ᠪᠠᠷ ᠪᠠᠷᠢᠯᠭ᠎ᠠ ᠶᠢᠨ ᠲᠠᠯᠠᠪᠠᠢ ᠨᠢ 4.99 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠲᠦᠯᠦᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 1.52 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ | 2020 ᠣᠨ ᠤ 3 ᠰᠠᠷ᠎ᠠ ᠳᠤ ᠰᠡᠳᠦᠪ ᠲᠣᠭᠲᠠᠭᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠭᠡᠯ ᠢ ᠳᠠᠭᠤᠰᠬᠠᠵᠤ᠂ | 2021 ᠣᠨ ᠤ 1 ᠰᠠᠷ᠎ᠠ ᠳᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠵᠤ᠂ 7 | ᠰᠠᠷ᠎ᠠ ᠶᠢᠨ ᠡᠬᠢ ᠪᠠᠷ ᠵᠢᠷᠤᠭ ᠢ ᠬᠢᠨᠠᠵᠤ ᠳᠠᠭᠤᠰᠬᠠᠭᠠᠳ᠂ ᠲᠥᠯᠥᠪᠵᠢᠭᠦᠯᠭᠡ ᠶᠢᠨ ᠺᠣᠮᠢᠰ ᠤᠨ ᠬᠢᠨᠠᠨ | ᠵᠥᠪᠰᠢᠶᠡᠷᠡᠯ ᠢᠶᠠᠷ ᠳᠡᠮᠵᠢᠨ᠂ 8 ᠰᠠᠷ᠎ᠠ ᠳᠤ ᠲᠥᠰᠦᠪ ᠤᠨ ᠬᠢᠨᠠᠨ ᠲᠣᠭᠲᠠᠭᠠᠯᠲᠠ ᠶᠢ ᠳᠠᠭᠤᠰᠬᠠᠵᠤ᠂ ᠪᠠᠷᠢᠯᠭ᠎ᠠ ᠶᠢᠨ | ᠠᠵᠢᠯ ᠤᠨ ᠳᠠᠭᠠᠭᠠᠴᠢᠯᠠᠯᠲᠠ ᠵᠠᠷᠯᠠᠵᠤ᠂ 9 ᠰᠠᠷ᠎ᠠ ᠶᠢᠨ 6 ᠤ ᠡᠳᠦᠷ ᠳᠠᠭᠠᠭᠠᠴᠢᠯᠠᠯᠲᠠ ᠨᠡᠶᠢᠲᠡᠯᠡᠵᠦ᠂ 2021 | ᠣᠨ ᠳᠤ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠵᠢᠱᠢᠯᠲᠡ ᠪᠠᠷ 2024 ᠣᠨ ᠳᠤ ᠳᠠᠭᠤᠰᠬᠠᠨ᠎ᠠ᠃ ᠣᠳᠣᠬᠠᠨ ᠳᠤ | ᠨᠢᠭᠡᠨᠲᠡ ᠲᠤᠰᠬᠠᠶ ᠵᠦᠢᠯ ᠢᠶᠠᠷ ᠳᠥᠯᠭᠢᠨ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠲᠥᠷᠥᠯ | ᠵᠦᠢᠯ ᠤᠨ ᠬᠠᠮᠢᠶᠠᠷᠤᠯᠲᠠ ᠶᠢᠨ ᠲᠦᠷᠢᠮ ᠢᠶᠠᠷ ᠳᠠᠮᠵᠢᠭᠤᠯᠤᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠵᠤ᠂ | ᠲᠥᠷᠥᠯ ᠵᠦᠢᠯ ᠤᠨ ᠪᠠᠯᠠ ᠮᠥᠩᠭᠦ ᠶᠢᠨ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ | ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠳᠥᠯᠭᠢᠨ | ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠠᠰ ᠠᠰ ᠢᠶᠠᠷ ᠨᠢ ᠵᠥᠪᠯᠡᠵᠦ᠂ ᠠᠮᠤᠷ ᠲᠦᠪᠰᠢᠨ ᠪᠠ ᠶᠠᠰᠤ | ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠎ᠡ᠃ |