ᠯᠢᠨᠰᠢ ᠰᠢᠶᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2021/10/25
     ᠬᠦᠷᠢᠶᠡᠯᠡᠩ ᠲᠣᠭᠤᠷᠢᠭ ᠲᠤ ᠨᠡᠶᠢᠲᠡ 82 ᠦᠢᠯᠡᠳᠪᠦᠷᠢᠯᠡᠯ ᠤᠨ ᠲᠠᠰᠤᠭ ᠲᠠᠢ᠂ ᠣᠲᠣ ᠪᠣᠯᠲᠠᠯ᠎ᠠ᠂ ᠬᠦᠷᠢᠶᠡᠯᠡᠩ ᠲᠣᠭᠤᠷᠢᠭ ᠲᠠᠢ ᠭᠡᠷ᠎ᠡ ᠲᠣᠭᠲᠠᠭᠰᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠨᠡᠶᠢᠲᠡ 58 ᠡᠷᠦᠬᠡ 80 ᠦᠢᠯᠡᠳᠪᠦᠷᠢ ᠶᠢᠨ ᠲᠠᠰᠤᠭ ᠢ ᠡᠵᠡᠯᠡᠨ ᠬᠡᠷᠡᠭᠯᠡᠵᠦ᠂ ᠣᠲᠣ 32 ᠡᠷᠦᠬᠡ 47 ᠦᠢᠯᠡᠳᠪᠦᠷᠢ ᠶᠢᠨ ᠲᠠᠰᠤᠭ ᠨᠢ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠪᠣᠶ᠃ ᠮᠠᠨ ᠤ ᠰᠢᠶᠠᠨ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠴᠢ ᠢᠳᠡᠭᠡᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠬᠦᠷᠢᠶᠡᠯᠡᠩ ᠲᠣᠭᠤᠷᠢᠭ ᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠴᠢ ᠢᠳᠡᠭᠡᠨ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠪᠠᠶᠢᠭᠤᠯᠬᠤ ᠪᠠᠷ ᠲᠦᠯᠦᠪᠯᠡᠵᠦ᠂ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠢᠳᠡᠭᠡᠨ ᠤ ᠵᠠᠬ᠎ᠠ ᠳᠡᠯᠭᠡᠭᠦᠷ ᠤᠨ ᠬᠤᠲᠠ ᠶᠢᠨ ᠭᠠᠳᠠᠨ᠎ᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠶᠢᠨ᠎ᠠ᠃ ᠣᠳᠣᠬᠠᠨ ᠳᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠠᠴᠠ ᠵᠠᠰᠠᠵᠤ ᠴᠢᠮᠡᠭᠯᠡᠬᠦ ᠵᠢᠴᠢ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠨᠢᠭᠡᠨᠲᠡ ᠳᠠᠭᠤᠰᠬᠠᠵᠤ᠂ ᠶᠠᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠵᠢᠴᠢ ᠬᠢᠷᠢ ᠬᠡᠮ ᠢ ᠭᠡᠷᠡᠴᠢᠯᠡᠬᠦ ᠵᠡᠷᠭᠡ ᠠᠵᠢᠯ ᠢ ᠥᠷᠨᠢᠭᠦᠯᠵᠦ ᠪᠣᠶ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠲᠥᠪᠯᠡᠷᠡᠩᠭᠦᠶ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠬᠤ ᠶᠢ ᠳᠠᠶᠢᠴᠢᠯᠠᠨ᠎ᠠ᠃ ᠰᠢᠨ᠎ᠡ ᠪᠠᠷ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠵᠢᠴᠢ ᠨᠢᠭᠡᠨᠲᠡ ᠣᠷᠣᠵᠤ ᠰᠠᠭᠤᠭᠰᠠᠨ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠰᠤᠳᠤᠯᠵᠤ᠂ ᠬᠡᠷ ᠤᠨ ᠲᠦᠷᠢᠶᠡᠰᠦ᠂ ᠭᠠᠶᠢᠯᠢ  ᠰᠦᠢᠳᠬᠡᠯ ᠢ ᠬᠠᠰᠤᠵᠤ ᠭᠡᠯᠳᠦᠷᠢᠭᠦᠯᠬᠦ᠂ ᠰᠦᠢᠳᠬᠡᠯ ᠬᠤᠷᠢᠶᠠᠬᠤ ᠥᠬᠡᠶ ᠪᠠᠷ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠡᠷᠭᠡ ᠠᠷᠭ᠎ᠠ ᠬᠡᠮᠵᠢᠶ᠎ᠡ ᠶᠢ ᠬᠠᠩᠭᠠᠬᠤ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠦᠷᠢᠶᠡᠯᠡᠩ ᠳᠤ ᠣᠷᠣᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠦᠬᠦᠰᠢᠷᠡᠮᠡᠯ︾ ᠠᠵᠤ ᠠᠬᠤᠶᠢᠯᠠᠯ ᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠵᠤ᠂ ᠦᠢᠯᠡᠳᠪᠦᠷᠢᠯᠡᠯ ᠤᠨ ᠲᠠᠰᠤᠭ ᠢ ᠰᠤᠯᠠᠯᠠᠨ ᠭᠠᠷᠭᠠᠬᠤ ᠬᠡᠷᠡᠭᠲᠡᠶ᠃ ᠬᠦᠷᠢᠶᠡᠯᠡᠩ ᠲᠣᠭᠤᠷᠢᠭ ᠲᠤ ᠨᠢᠭᠡᠨᠲᠡ ᠣᠷᠣᠵᠤ ᠰᠠᠭᠤᠭᠰᠠᠨ ᠠᠵᠤ ᠠᠬᠤᠶᠢᠯᠠᠯ ᠤᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠲᠡᠭᠦᠨ ᠤ ᠶᠡᠭᠡ ᠪᠠᠷ ᠪᠠᠭ᠎ᠠ ᠶᠢ ᠲᠠᠲᠠᠬᠤ᠂ ᠪᠠᠭ᠎ᠠ ᠲᠠᠢ ᠬᠤᠯᠪᠣᠭᠠᠯᠠᠵᠤ ᠶᠡᠭᠡ ᠶᠢ ᠬᠢᠬᠦ ᠶᠢ ᠠᠬᠢᠭᠤᠯᠵᠤ᠂ ᠨᠡᠶᠢᠯᠡᠮᠡᠯ ᠬᠦᠴᠦᠨ ᠪᠠ ᠬᠡᠪᠴᠢᠶᠡᠵᠢᠭᠰᠡᠨ ᠦᠢᠯᠡᠳᠦᠯ ᠢ ᠪᠣᠶ ᠪᠣᠯᠭᠠᠵᠤ᠂ ᠣᠷᠣᠨ ᠪᠦᠰᠡ ᠶᠢᠨ ᠦᠢᠯᠡᠳᠬᠦᠨ ᠤ ᠪᠥᠭᠡᠮᠨᠡᠷᠡᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ︾  ᠵᠡᠷᠭᠡᠪᠡᠷ ᠬᠥᠭᠵᠢᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号