ᠯᠢᠨᠰᠢ ᠰᠢᠶᠠᠨ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2021/11/1
     ᠬᠢᠵᠢᠭ ᠤᠨ ᠪᠠᠶᠢᠳᠠᠯ ᠬᠦᠨᠳᠦ ᠨᠣᠴᠢᠲᠠᠢ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠂ ᠡᠷᠲᠡ ᠠᠴᠠ ᠰᠠᠨᠠᠭᠤᠯᠵᠤ᠂ ᠡᠷᠲᠡ ᠠᠴᠠ ᠰᠡᠷᠭᠡᠶᠢᠯᠡᠬᠦ ᠶᠢ ᠦᠨᠡᠨᠬᠦ  ᠪᠡᠶᠡᠯᠡᠭᠦᠯᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ 2500 ᠠᠮᠠᠪᠴᠢ ᠲᠦᠭᠡᠭᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠴᠠᠭ ᠲᠤ ᠠᠮᠠᠪᠴᠢ ᠵᠡᠭᠦᠬᠦ ᠶᠢ ᠱᠠᠭᠠᠷᠳᠠᠵᠣ᠂ ᠡᠯ᠎ᠡ ᠲᠥᠷᠥᠯ ᠤᠨ ᠠᠷᠢᠭᠤᠳᠬᠠᠬᠤ ᠰᠢᠩᠭᠡᠨ ᠢ 600 ᠯᠢᠲᠷ ᠬᠠᠳᠠᠭᠠᠯᠠᠪᠠ᠃ ᠨᠡᠶᠢᠲᠡ ᠶᠢᠨ ᠵᠣᠷᠯᠣᠩ᠂ ᠠᠭᠤᠳᠠᠮ ᠲᠠᠯᠠᠪᠠᠢ ᠵᠡᠷᠭᠡ ᠤᠯᠠᠨ ᠨᠡᠶᠢᠲᠡ ᠶᠢᠨ ᠲᠠᠯᠠᠪᠤᠷ  ᠶᠢ ᠡᠳᠦᠷ ᠪᠦᠷᠢ ᠠᠷᠢᠭᠤᠳᠬᠠᠬᠤ ᠶᠢᠨ ᠬᠠᠮᠲᠤ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠶᠢ ᠴᠢᠩᠭᠠᠳᠬᠠᠵᠤ᠂ ᠬᠤᠭ ᠨᠣᠪᠰᠢ ᠶᠢᠨ ᠬᠤᠷᠠᠮᠳᠤᠯ ᠢ ᠪᠦᠲᠦᠮᠵᠢᠲᠡᠢ ᠪᠠᠭᠠᠰᠬᠠᠵᠤ᠂ ᠪᠠᠺᠲ᠋ᠧᠷᠢ ᠶᠢᠨ ᠸᠢᠷᠦ᠋ᠰ ᠤᠨ ᠬᠠᠯᠳᠠᠪᠤᠷᠢᠯᠠᠬᠤ ᠵᠠᠮ ᠢ ᠲᠠᠰᠤᠯᠵᠤ᠂ ᠡᠯ᠎ᠡ ᠲᠦᠷᠦᠯ ᠤᠨ ᠬᠤᠣᠷ ᠲᠠᠢ ᠪᠣᠬᠢᠷᠲᠤᠯ ᠤᠨ ᠡᠬᠢ ᠶᠢ ᠪᠠᠭᠠᠰᠬᠠᠵᠤ᠂ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠣᠯᠠᠵᠠᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号