ᠯᠢᠨᠰᠢ ᠰᠢᠶᠠᠨ ︽ᠺᠦᠨᠯᠦ᠋ᠨ︾ ︽ᠬᠢᠯᠢ ᠴᠡᠪᠡᠷᠯᠡᠬᠦ︾ ︽ᠮᠢᠨ᠎ᠠ ᠠᠷᠢᠯᠭᠠᠬᠤ︾ ᠵᠡᠷᠭᠡ ᠲᠤᠰᠬᠠᠶ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠨᠡ ᠵᠢᠯ ᠠᠴᠠ ᠨᠠᠰᠢ ᠡᠯ᠎ᠡ ᠲᠥᠷᠥᠯ ᠤᠨ ᠡᠷᠡᠭᠦᠦ ᠶᠢᠨ | ᠬᠡᠷᠡᠭ ᠢ ᠨᠡᠶᠢᠲᠡ 124 ᠳᠡᠩᠨᠡᠨ ᠢᠯᠡᠷᠡᠭᠦᠯᠵᠦ᠂ 66 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 195 | ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 285 ᠬᠥᠮᠦᠨ ᠢ ᠠᠮᠤᠷ ᠢ ᠬᠠᠮᠠᠭᠠᠯᠠᠬᠤ | ᠰᠢᠳᠬᠡᠯ ᠢᠶᠠᠷ ᠰᠢᠳᠬᠡᠵᠡᠶ᠃ ᠰᠦᠯᠵᠢᠶ᠎ᠡ ᠬᠤᠯᠪᠣᠭ᠎ᠠ ᠶᠢᠨ ᠬᠠᠤᠯᠢ ᠠᠴᠠ ᠵᠥᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ | ᠠᠵᠢᠯᠯᠠᠭ᠎ᠠ ᠶᠢ ᠰᠡᠷᠭᠡᠶᠢᠯᠡᠨ ᠵᠠᠰᠠᠬᠤ ᠲᠥᠪᠯᠡᠷᠡᠩᠭᠦᠶ ᠤᠬᠠᠭᠤᠯᠭ᠎ᠠ ᠶᠢᠨ ᠣᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠦᠯᠵᠢᠶᠡᠨ ᠮᠡᠬᠡᠯᠡᠯ ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ | ᠳ᠋ᠢᠶᠠᠩᠬᠤᠸᠠ ᠪᠠᠷ ᠤᠯᠠᠨ ᠲᠦᠮᠡᠨ ᠳᠤ 3900 ᠭᠠᠷᠤᠶ ᠬᠥᠮᠦᠨ ᠤᠳᠠᠭ᠎ᠠ ᠰᠡᠷᠡᠮᠵᠢᠯᠡᠭᠦᠯᠦᠨ ᠰᠠᠨᠠᠭᠤᠯᠵᠤ᠂ 48 | ᠬᠥᠮᠦᠨ ᠤᠳᠠᠭ᠎ᠠ ᠲᠣᠭᠠᠴᠠᠭ᠎ᠠ ᠬᠢᠬᠦ ᠶᠢ ᠵᠣᠭᠰᠣᠭᠠᠪᠠ᠃ 7 ᠰᠠᠷ᠎ᠠ ᠶᠢᠨ ᠰᠡᠭᠦᠯᠴᠢ ᠠᠴᠠ ᠡᠬᠢᠯᠡᠵᠦ᠂ ︽ᠶᠡᠭᠡ ᠪᠠᠷ | ᠵᠢᠭᠰᠠᠭᠠᠨ ᠪᠠᠶᠢᠴᠠᠭᠠᠬᠤ᠂ ᠪᠦᠬᠦᠨ ᠢ ᠲᠣᠳᠣᠷᠬᠠᠶᠢᠯᠠᠬᠤ᠂ ᠶᠡᠭᠡ ᠪᠠᠷ ᠬᠠᠮᠢᠶᠠᠷᠤᠨ ᠡᠵᠡᠮᠳᠡᠬᠦ︾ ᠲᠤᠰᠬᠠᠶ ᠠᠵᠢᠯᠯᠠᠭ᠎ᠠ | ᠪᠠ ︽ᠰᠡᠷᠭᠡᠶᠢᠯᠡᠯᠲᠡ ᠶᠢ ᠠᠳᠬᠤᠵᠤ᠂ ᠬᠡᠷᠡᠭ ᠡᠭᠦᠰᠬᠦ ᠶᠢ ᠬᠢᠵᠠᠭᠠᠷᠯᠠᠨ᠂ ᠠᠮᠤᠷ ᠲᠦᠪᠰᠢᠨ ᠢ ᠪᠠᠲᠤᠯᠠᠬᠤ︾ | ᠵᠠᠭᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠡᠬᠢᠯᠡᠭᠰᠡᠨ ᠠᠴᠠ ᠨᠠᠰᠢ᠂ | ᠨᠡᠶᠢᠲᠡ 36 ᠬᠤᠯᠠᠭᠠᠶᠢᠯᠠᠭᠰᠠᠨ ᠬᠡᠷᠡᠭ ᠢ ᠳᠡᠩᠨᠡᠨ ᠢᠯᠡᠷᠡᠭᠦᠯᠵᠦ᠂ ︽ᠱᠠᠯᠢᠭ ᠵᠠᠪᠬᠠᠶ ᠵᠦᠢᠯ᠂ ᠵᠣᠭᠤᠰ | ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ︾ ᠬᠡᠷᠡᠭ ᠢ 9 ᠣᠳᠠᠭ᠎ᠠ ᠪᠠᠶᠢᠴᠠᠭᠠᠨ ᠰᠢᠢᠳᠪᠦᠷᠢᠯᠡᠵᠦ᠂ ᠡᠯ᠎ᠡ | ᠲᠥᠷᠥᠯ ᠤᠨ ᠠᠵᠢᠯ ᠲᠥᠷᠥᠯ ᠤᠨ ᠲᠠᠯᠠᠪᠤᠷ ᠭᠠᠵᠠᠷ ᠢ 210 ᠭᠠᠷᠤᠶ ᠤᠳᠠᠭ᠎ᠠ ᠪᠠᠶᠢᠴᠠᠭᠠᠵᠤ᠂ 40 ᠭᠠᠷᠤᠶ ᠠᠮᠤᠷ | ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠵᠤ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ | 280 ᠬᠥᠮᠦᠨ ᠢ ᠵᠢᠭᠰᠠᠭᠠᠨ ᠬᠠᠮᠢᠶᠠᠷᠴᠤ᠂ ᠠᠮᠠᠷᠬᠠᠨ ᠬᠡᠷᠡᠭ ᠭᠠᠷᠭᠠᠵᠤ ᠭᠠᠶ ᠲᠠᠷᠢᠬᠤ ᠬᠦᠨᠳᠦ ᠨᠣᠴᠢᠲᠠᠶ ᠣᠶᠤᠨ | ᠮᠡᠳᠡᠷᠡᠯ ᠤᠨ ᠰᠠᠭᠠᠳ ᠲᠠᠢ 45 ᠡᠪᠡᠳᠴᠢᠲᠡᠨ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ ᠪᠠᠶᠢᠨ᠎ᠠ᠃ |