ᠯᠢᠨᠰᠢ ᠰᠢᠶᠠᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/11/15
     2021 ᠣᠨ ᠳᠤ 28 ᠬᠠᠭᠤᠴᠢᠨ ᠰᠠᠭᠤᠭᠠᠯᠢ ᠲᠣᠭᠤᠷᠢᠭ᠂ 39 ᠰᠠᠭᠤᠷᠢ ᠠᠰᠠᠷ᠂ 1844 ᠡᠷᠦᠬᠡ ᠶᠢᠨ ᠨᠡᠶᠢᠲᠡ 15.34 ᠲᠦᠮᠡᠨ ᠲᠡᠭᠰᠢ ᠳᠥᠷᠪᠡᠯᠵᠢᠨ ᠮᠧᠲᠷ ᠤᠨ ᠠᠰᠠᠷ ᠲᠤ ᠥᠭᠡᠷᠡᠴᠢᠯᠡᠯᠲᠡ ᠬᠢᠬᠦ ᠪᠠᠷ ᠪᠣᠶ᠃ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ 4141 ᠲᠦᠮᠡᠨ ᠲᠥᠭᠦᠷᠢᠭ ᠴᠢᠷᠮᠠᠶᠢᠨ ᠣᠯᠵᠤ᠂ ᠲᠥᠷᠥᠯ ᠵᠦᠢᠯ ᠤᠨ ᠴᠣᠬᠤᠯᠠᠪᠤᠷᠢ᠂ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠲᠥᠰᠦᠪ᠂ ᠡᠳ᠋ ᠤᠨ ᠵᠠᠰᠠᠭ ᠤᠨ ᠬᠢᠨᠠᠨ ᠲᠣᠭᠲᠠᠭᠠᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠨᠢᠭᠡᠨᠲᠡ ᠪᠡᠶᠡᠯᠡᠭᠦᠯᠵᠦ᠂ ᠣᠳᠣᠬᠠᠨ ᠳᠤ ᠨᠢᠭᠡᠨᠲᠡ ᠪᠦᠬᠦᠨ ᠢ ᠠᠵᠢᠯ ᠡᠬᠢᠯᠡᠭᠦᠯᠵᠦ᠂ ᠵᠢᠯ ᠤᠨ ᠳᠣᠲᠣᠷ᠎ᠠ ᠪᠣᠶ ᠪᠥᠬᠦᠶ ᠥᠭᠡᠷᠡᠴᠢᠯᠡᠨ ᠪᠠᠶᠢᠭᠤᠯᠬᠤ ᠠᠵᠢᠯ ᠢ ᠳᠠᠭᠤᠰᠬᠠᠬᠤ ᠪᠠᠷ ᠪᠠᠶᠢᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠲᠠᠯ᠎ᠠ ᠪᠠᠷ᠂ 4239 ᠲᠦᠮᠡᠨ ᠲᠥᠭᠦᠷᠢᠭ ᠤᠨ ᠪᠡᠯᠡ ᠣᠷᠣᠭᠤᠯᠵᠣ ᠂ ᠬᠠᠭᠤᠴᠢᠨ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠭᠠᠳᠠᠷᠭᠤ ᠶᠢ ᠪᠠᠷᠤᠭ 11 ᠲᠦᠮᠡᠨ ᠲᠡᠭᠰᠢ ᠳᠥᠷᠪᠡᠯᠵᠢᠨ  ᠮᠧᠲᠷ᠂ ᠤᠰᠤᠨ ᠤ ᠰᠡᠷᠭᠡᠶᠢᠯᠡᠯᠲᠡ ᠶᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ᠂ ᠨᠢᠭᠡᠴᠡ ᠶᠢᠨ ᠡᠭᠦᠳᠡ  ᠶᠢ 220  ᠰᠣᠯᠢᠬᠤ ᠪᠠᠷ ᠲᠦᠯᠦᠪᠯᠡᠵᠦ ᠪᠠᠶᠢᠨ᠎ᠠ᠂ ᠣᠳᠣᠬᠠᠨ ᠳᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 748.28 ᠲᠦᠮᠡᠨ ᠲᠥᠭᠦᠷᠢᠭ᠂ ᠬᠤᠶᠠᠳᠤᠭᠠᠷ ᠪᠦᠯᠦᠭ ᠤᠨ ᠨᠥᠬᠦᠪᠥᠷᠢ ᠮᠥᠩᠭᠦ 980 ᠲᠦᠮᠡᠨ ᠲᠥᠭᠦᠷᠢᠭ ᠢ ᠣᠯᠵᠣ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢ  ᠭᠦᠢᠴᠡᠳᠭᠡᠬᠦ ᠱᠠᠲᠣᠨ ᠳᠤ ᠪᠠᠶᠢᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号