ᠯᠢᠨᠰᠢ ᠰᠢᠶᠠᠨ ᠡᠯ᠎ᠡ ᠵᠦᠢᠯ ᠤᠨ ᠴᠠᠯᠢᠩ ᠥᠭᠬᠦ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/11/15
     ︵ᠨᠢᠭᠡ︶ ᠰᠢᠶᠠᠨ ᠤ ᠬᠥᠳᠡᠯᠮᠦᠷᠢ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 2021 ᠣᠨ ᠳᠤ ᠰᠢᠨ᠎ᠡ ᠪᠠᠷ ᠠᠵᠢᠯ ᠡᠬᠢᠯᠡᠭᠦᠯᠦᠭᠰᠡᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ 10 ᠲᠥᠷᠥᠯ ᠵᠦᠢᠯ ᠳᠤ ᠲᠤᠰᠬᠠᠶ ᠪᠠᠶᠢᠴᠠᠭᠠᠯᠲᠠ ᠥᠷᠨᠢᠭᠦᠯᠦᠭᠰᠡᠨ ᠪᠥᠭᠡᠳ ᠣᠯᠵᠤ ᠮᠡᠳᠡᠭᠰᠡᠨ ᠠᠰᠠᠭᠤᠳᠠᠯ ᠢ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠬᠠᠮᠢᠶ᠎ᠠ ᠪᠥᠬᠦᠶ ᠠᠵᠤ ᠠᠬᠤᠶᠢᠯᠠᠯ ᠳᠤ ᠬᠠᠷᠢᠭᠤ ᠲᠤᠰᠬᠠᠪᠠ᠃ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠲᠠᠪᠴᠠᠩ ᠳᠡᠭᠡᠷ᠎ᠡ ᠠᠴᠠ ᠰᠣᠩᠭᠤᠨ ᠠᠪᠤᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠪᠣᠯᠪᠠᠰᠤᠷᠠᠭᠤᠯᠤᠯ ᠤᠨ 7 ᠪᠠᠶᠢᠭᠤᠯᠤᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠵᠠᠷᠯᠢᠭ ᠤᠨ ᠪᠢᠴᠢᠭ ᠪᠠᠭᠤᠯᠭᠠᠵᠤ᠂ ᠪᠠᠶᠢᠴᠠᠭᠠᠭᠰᠠᠨ ᠦᠷ᠎ᠡ ᠳ᠋ᠦᠩ ᠢ ᠰᠢᠰᠲ᠋ᠧᠮ ᠤᠨ ᠲᠠᠪᠴᠠᠩ ᠳᠡᠭᠡᠷ᠎ᠡ ᠢᠯᠡ ᠨᠡᠶᠢᠲᠡᠯᠡᠵᠡᠶ᠃     ︵ᠬᠤᠶᠠᠷ︶ ᠰᠢᠶᠠᠨ ᠤ ᠱᠠᠲᠤᠨ ᠤ ᠬᠥᠯᠥᠰᠥᠨ ᠠᠵᠢᠯᠴᠢᠨ ᠤ ᠴᠠᠯᠢᠩ ᠤᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠲᠤᠰᠬᠠᠶ ᠳᠠᠩᠰᠠᠨ ᠡᠷᠦᠬᠡ ᠶᠢ ᠪᠠᠶᠢᠭᠤᠯᠵᠤ᠂ ᠰᠢᠶᠠᠨ ᠤ ᠡᠳ᠋ ᠤᠨ ᠵᠠᠰᠠᠭ ᠠᠴᠠ 200 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠣᠷᠣᠭᠤᠯᠵᠠᠶ᠃     ︵ᠭᠤᠷᠪᠠ︶ ᠵᠢᠯ ᠤᠨ ᠡᠬᠢᠨ ᠠᠴᠠ ᠨᠠᠰᠢ᠂ ᠴᠠᠯᠢᠩ ᠥᠷᠢᠲᠦᠬᠦ ᠲᠠᠪᠴᠠᠩ ᠤᠨ ᠬᠡᠷᠡᠭ ᠤᠨ ᠰᠦᠪᠡᠭᠴᠢ ᠶᠢ 102  ᠵᠦᠢᠯ ᠭᠥᠯᠢᠶᠡᠨ ᠠᠪᠴᠤ᠂ ᠨᠡᠶᠢᠲᠡ 101 ᠵᠦᠢᠯ ᠤᠨ ᠬᠡᠷᠡᠭ ᠤᠨ ᠰᠦᠪᠡᠭᠴᠢ ᠶᠢ ᠰᠢᠢᠳᠪᠦᠷᠢᠯᠡᠵᠦ ︵ᠨᠢᠭᠡᠨᠲᠡ ᠪᠦᠬᠦᠨ ᠢ ᠰᠢᠶ᠋ᠳᠪᠦᠷᠢᠯᠡᠵᠦ ᠬᠠᠷᠢᠭᠤᠯᠲᠠ ᠥᠭᠪᠡ︶᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99% ᠳᠤ ᠬᠥᠷᠪᠡ᠃ ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ᠂ ᠰᠢᠪᠠᠳᠠᠨ ᠰᠢᠢᠳᠪᠦᠷᠢᠯᠡᠭᠦᠯᠦᠭᠰᠡᠨ ᠬᠡᠷᠡᠭ ᠲᠤ ᠲᠣᠭᠲᠠᠭᠰᠠᠨ ᠬᠤᠭᠤᠴᠠᠭᠠᠨ ᠳᠤ ᠬᠠᠷᠢᠭᠤᠯᠲᠠ ᠥᠭᠴᠦ  ᠰᠢᠢᠳᠪᠦᠷᠢᠯᠡᠭᠡᠳ᠂ 12 ᠬᠡᠷᠡᠭ ᠢ ᠵᠣᠬᠢᠴᠠᠭᠤᠯᠤᠨ ᠰᠢᠢᠳᠪᠦᠷᠢᠯᠡᠪᠡ᠃ 76 ᠭᠠᠷᠤᠶ ᠲᠦᠮᠡᠨ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠡᠬᠡᠮᠵᠢᠯᠡᠨ ᠠᠪᠴᠤ᠂ 60 ᠭᠠᠷᠤᠶ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠰᠢᠭ ᠬᠦᠷᠲᠡᠭᠡᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号