ᠯᠢᠨᠰᠢ ᠰᠢᠶᠠᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2021/11/15
     ᠮᠠᠨ ᠤ ᠰᠢᠶᠠᠨ ︽ᠳᠣᠲᠣᠭᠠᠳᠤ ᠭᠠᠳᠠᠭᠠᠳᠤ ᠠᠵᠢᠯ ᠢ ᠤᠶᠠᠯᠳᠤᠭᠤᠯᠬᠤ︾᠂ ︽ᠭᠠᠵᠠᠷ ᠣᠷᠣᠨ ᠳᠤ ᠨᠢ ᠪᠦᠷᠢᠳᠬᠡᠬᠦ︾ ᠵᠠᠷᠴᠢᠮ ᠢ ᠴᠢᠩᠭ᠎ᠠ ᠵᠢᠷᠤᠮᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠪᠡ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠣᠶᠢᠲᠤ ᠭᠠᠵᠠᠷ ᠤᠨ ᠰᠢᠲᠠᠮᠠᠬᠠᠶ ᠪᠣᠳᠠᠰ ᠤᠨ ᠪᠠᠷᠢᠮᠵᠢᠶᠠᠲᠤ ᠥᠯᠢᠭᠡᠷ ᠭᠠᠵᠠᠷ 42᠂ ᠣᠶᠢᠲᠤ ᠭᠠᠵᠠᠷ ᠤᠨ ᠰᠢᠲᠠᠮᠠᠬᠠᠶ ᠪᠣᠳᠠᠰ ᠤᠨ ᠥᠯᠢᠭᠡᠷ ᠭᠠᠵᠠᠷ 4᠂ ᠣᠶᠢᠲᠤ ᠭᠠᠵᠠᠷ ᠤᠨ ᠬᠡᠭᠡᠷ᠎ᠡ ᠶᠢᠨ ᠭᠠᠯ ᠤᠨ ᠢᠷᠡᠯᠲᠡ ᠶᠢᠨ ᠪᠠᠶᠢᠴᠠᠭᠠᠯᠲᠠ ᠶᠢᠨ ᠲᠠᠯᠠᠪᠠᠶ 26.2 ᠲᠦᠮᠡᠨ ᠾᠧᠺᠲ᠋ᠠᠷ᠂ ᠬᠡᠭᠡᠷ᠎ᠡ ᠶᠢᠨ ᠭᠠᠯ ᠤᠨ ᠢᠷᠡᠯᠲᠡ ᠶᠢᠨ ᠪᠠᠶᠢᠴᠠᠭᠠᠯᠲᠠ ᠶᠢᠨ ᠲᠠᠯᠠᠪᠠᠶ 10.7205 ᠲᠦᠮᠡᠨ ᠾᠧᠺᠲ᠋ᠠᠷ ᠪᠠᠶᠢᠬᠤ ᠶᠢ ᠲᠣᠭᠲᠠᠭᠠᠵᠠᠶ᠃ ᠣᠳᠣᠬᠠᠨ ᠳᠤ ᠨᠢᠭᠡᠨᠲᠡ 8 ᠪᠠᠷᠢᠮᠵᠢᠶᠠᠲᠤ ᠭᠠᠵᠠᠷ ᠤᠨ ᠭᠠᠳᠠᠨᠠᠬᠢ ᠠᠵᠢᠯ ᠤᠨ ᠬᠠᠶᠢᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠭᠠᠳᠠᠨᠠᠬᠢ ᠠᠵᠢᠯ ᠤᠨ ᠬᠠᠶᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠳᠠᠭᠤᠰᠬᠠᠬᠤ ᠪᠣᠯᠤᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号