ᠨᠢᠩᠴᠧᠩ ᠰᠢᠶᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠷᠠᠳ ᠣᠯᠠᠨ ᠤ ︽ᠢᠳᠡᠭᠡᠨ ᠤᠮᠳᠠᠭᠠᠨ︾ ᠤ ᠠᠮᠤᠷ ᠲᠦᠪᠰᠢᠨ ᠢ ᠬᠠᠮᠠᠭᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2021/2/18
 ᠴᠠᠭᠠᠨ ᠰᠠᠷ᠎ᠠ ᠶᠢᠨ ᠬᠤᠭᠤᠴᠠᠭ᠎ᠠ ᠪᠣᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠡᠷᠡᠭᠯᠡᠭᠡᠨ ᠤ ᠬᠥᠭᠵᠢᠶᠡᠨᠲᠡᠶ ᠤᠯᠠᠷᠢᠯ ᠪᠣᠯᠬᠤ ᠪᠥᠭᠡᠳ ᠪᠠᠰᠠ ᠶᠠᠰᠤ ᠴᠢᠨᠠᠷ ᠤᠨ ᠠᠮᠤᠷ ᠲᠥᠪᠰᠢᠨ ᠤ ᠬᠡᠷᠡᠭ ᠬᠢᠯᠪᠠᠷᠬᠠᠨ ᠭᠠᠷᠬᠤ ᠬᠤᠭᠤᠴᠠᠭ᠎ᠠ ᠪᠣᠯᠤᠨ᠎ᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠶᠤᠯᠬᠦᠢ ᠬᠠᠩᠭᠠᠯᠭ᠎ᠠ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠥᠪᠰᠢᠨ ᠢ ᠡᠬᠢ ᠡᠭᠦᠰᠦᠯ ᠠᠴᠠ ᠨᠢ ᠦᠨᠡᠨᠬᠦ ᠪᠠᠲᠤᠯᠠᠬᠤ ᠶᠢᠨ ᠲᠤᠰᠠᠳᠠ᠂ ᠨᠢᠩᠴᠧᠩ ᠰᠢᠶᠠᠨ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ᠂ ᠪᠠᠶᠠᠷ ᠤᠨ ᠡᠳᠦᠷ ᠠᠴᠠ ᠡᠮᠦᠨᠡᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ ᠪᠠᠶᠢᠨ᠎ᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ ᠪᠠᠶᠢᠨ᠎ᠠ᠃ ︽ᠨᠢᠩᠴᠧᠩ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠶᠢ ᠴᠢᠩᠭᠠᠳᠬᠠᠬᠤ ᠬᠠᠮᠲᠤᠷᠠᠭᠰᠠᠨ ᠠᠵᠢᠯᠯᠠᠭ᠎ᠠ ᠶᠢᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠬᠠᠮᠢᠶ᠎ᠠ ᠪᠥᠬᠦᠶ ᠨᠢᠭᠡᠴᠢ ᠪᠣᠯᠤᠨ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠳᠭᠡᠵᠦ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠪᠠᠶᠠᠷ ᠤᠨ ᠡᠳᠦᠷ ᠠᠴᠠ ᠡᠮᠦᠨᠡᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠭᠦᠨᠵᠡᠭᠡᠢ ᠦᠷᠨᠢᠭᠦᠯᠵᠦ ᠪᠠᠶᠢᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠪᠦᠬᠦ ᠰᠢᠶᠠᠨ ᠤ ᠵᠢᠭᠦᠷᠲᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠨ ᠲᠣᠮᠣ ᠬᠡᠯᠪᠡᠷᠢ ᠶᠢᠨ ᠬᠤᠷᠰᠢᠶ᠎ᠠ ᠳᠤ ᠭᠦᠨᠵᠡᠭᠡᠶᠢᠷᠡᠨ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠬᠠᠮᠲᠤ ᠲᠠᠰᠢᠷᠠᠮ ᠢᠶᠠᠷ ᠢᠳᠡᠰᠢᠨ ᠨᠣᠭᠤᠭ᠎ᠠ ᠶᠢᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠵᠦ᠂ ᠠᠰᠠᠭᠤᠳᠠᠯ ᠣᠷᠣᠰᠢᠵᠤ ᠪᠠᠶᠢᠭ᠎ᠠ ᠦᠢᠯᠡᠳᠪᠤᠷᠢᠯᠡᠯ ᠤᠨ ᠨᠢᠭᠡᠴᠢ ᠶᠢ ᠵᠠᠷᠯᠢᠭᠳᠠᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠪᠠ᠃ ᠭᠤᠷᠪᠠ ᠳᠤ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ ᠪᠠᠶᠢᠨ᠎ᠠ᠃ ᠦᠨᠳᠦᠰᠦᠨ ᠱᠠᠲᠤᠨ ᠳᠤ ᠭᠦᠨᠵᠡᠭᠡᠶᠢᠷᠡᠨ᠂ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠠᠤᠯᠢ︾ ︽ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠵᠢᠷᠤᠮᠵᠢᠯ︾ ︽ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠤᠷᠢᠯᠡᠯ ᠤᠨ ᠲᠡᠮᠳᠡᠭᠯᠡᠯ ᠤᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠤᠷᠢᠯᠡᠯ ᠤᠨ ᠲᠡᠮᠳᠡᠭᠯᠡᠯ᠂ ᠪᠣᠷᠣᠯᠠᠭᠤᠯᠤᠨ ᠬᠤᠳᠠᠯᠳᠤᠭᠰᠠᠨ ᠲᠡᠮᠳᠡᠭᠯᠡᠯ᠂ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠵᠡᠷᠭᠡ ᠶᠢ ᠰᠦᠢᠳᠭᠡᠯ ᠬᠤᠷᠢᠶᠠᠬᠤ ᠦᠭᠡᠶ ᠪᠠᠷ ᠣᠯᠭᠤᠵᠤ᠂ ᠲᠠᠷᠢᠵᠤ ᠲᠡᠵᠢᠭᠡᠨ ᠦᠷᠡᠵᠢᠭᠦᠯᠬᠦ ᠡᠷᠦᠬᠡ ᠶᠢ ᠰᠢᠮᠳᠠᠭᠤᠯᠵᠤ ᠪᠠᠶᠢᠭᠠᠳ ᠣᠷᠣᠭᠤᠯᠤᠯᠲᠠ ᠶᠢᠨ ᠡᠳ᠋ ᠤᠨ ᠢᠷᠡᠯᠲᠡ᠂ ᠬᠡᠷᠡᠭᠯᠡᠬᠦ ᠠᠷᠭ᠎ᠠ᠂ ᠬᠡᠷᠡᠭᠯᠡᠬᠦ ᠬᠡᠮᠵᠢᠶ᠎ᠡ᠂ ᠬᠡᠷᠡᠭᠯᠡᠬᠦ ᠶᠢ ᠵᠣᠭᠰᠣᠭᠠᠭᠰᠠᠨ ᠡᠳᠦᠷ ᠬᠤᠭᠤᠴᠠᠭ᠎ᠠ ᠵᠡᠷᠭᠡ ᠶᠢ ᠱᠠᠭᠠᠷᠳᠠᠯᠭ᠎ᠠ ᠶᠣᠰᠣᠭᠠᠷ ᠲᠡᠮᠳᠡᠭᠯᠡᠭᠦᠯᠵᠦ᠂ ᠦᠢᠯᠡᠳᠪᠤᠷᠢᠯᠡᠬᠦ ᠭᠤᠭᠴᠤᠭ᠎ᠠ ᠠᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠪᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号