ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2021/2/24
   ᠰᠢᠨ᠎ᠡ ᠴᠠᠭ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠬᠠᠮᠳᠤᠪᠡᠷ ᠤᠷᠤᠭᠰᠢᠯᠠᠵᠤ᠂ ᠰᠢᠨ᠎ᠡ ᠠᠶᠠᠨ ᠳᠤ ᠤᠭ ᠰᠠᠨᠠᠭ᠎ᠠ ᠪᠠᠨ ᠪᠠᠲᠤ ᠴᠡᠭᠡᠵᠢᠯᠡᠨ ᠳᠠᠬᠢᠨᠲᠠ ᠮᠣᠷᠳᠠᠶ᠎ᠠ᠃ 2 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠦᠪᠡᠳᠡᠭᠰᠢ ᠡᠬᠢᠯᠡᠵᠦ᠂ ᠲᠥᠪ ᠬᠤᠲᠠ ᠶᠢᠨ ᠡᠯ᠎ᠡ ᠠᠵᠢᠯ ᠲᠥᠷᠥᠯ ᠤᠨ 300 ᠭᠠᠷᠤᠢ ᠠᠷᠠᠳ ᠤᠨ ᠲᠥᠯᠥᠭᠡᠯᠡᠭᠴᠢ ᠪᠦᠬᠦ ᠬᠤᠲᠠ ᠶᠢᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ ᠨᠢᠭᠡᠨ ᠲᠠᠩᠬᠢᠮ᠎ᠠ ᠴᠤᠭᠯᠠᠷᠠᠵᠤ᠂ ᠬᠠᠮᠲᠤᠪᠠᠷ ᠤᠯᠤᠰ ᠤᠨ ᠶᠠᠪᠤᠳᠠᠯ ᠢ ᠵᠥᠪᠯᠡᠪᠡ᠃ ᠦᠳᠡ ᠶᠢᠨ ᠡᠮᠦᠨ᠎ᠡ ᠶᠢᠨ 8᠄ 30 ᠳᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠲᠡ ᠳᠠᠭᠤᠤ ᠶᠢᠨ ᠠᠶᠠᠰ ᠳᠤᠮᠳᠠ ᠡᠬᠢᠯᠡᠪᠡ᠃ ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 334 ᠬᠥᠮᠥᠨ᠂ ᠪᠣᠳᠠᠲᠠᠢ 308 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠰᠠᠨ ᠬᠥᠮᠥᠨ ᠤ ᠲᠤᠭ᠎ᠠ ᠳᠤ ᠬᠦᠷᠴᠡᠢ᠃ ᠬᠤᠷᠠᠯ ᠠᠴᠠ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠤᠨ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠪᠠ᠃ ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠷᠠᠯ ᠠᠴᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠬᠢᠭᠡᠳ 2035 ᠣᠨ ᠤ ᠬᠤᠯᠠ ᠶᠢᠨ ᠬᠠᠷᠠᠯᠲᠠ ᠶᠢᠨ ᠬᠥᠲᠥᠯᠪᠦᠷᠢ ︵ᠲᠥᠰᠥᠯ︶︾ ︽ᠬᠥᠬᠡᠬᠤᠲᠠ ᠶᠢᠨ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾ ︽ᠬᠥᠬᠡᠬᠤᠲᠠ ᠶᠢᠨ 2020 ᠣᠨ ᠤ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠲᠥᠰᠥᠪ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ︔ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ︵ᠲᠥᠰᠥᠯ︶︾ ᠶᠢᠨ ᠲᠣᠳᠣᠷᠬᠠᠶᠢᠯᠠᠯᠲᠠ ᠬᠢᠭᠡᠳ ︽ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶︾ ᠤᠨ ᠲᠣᠳᠣᠷᠬᠠᠶᠢᠯᠠᠯᠲᠠ ᠶᠢ ᠰᠣᠨᠣᠰᠪᠠ᠃ ︵ᠰᠤᠷᠪᠤᠯᠵᠢᠯᠠᠭᠴᠢ ᠹᠧᠩ ᠶᠠᠨ ᠫᠢᠩ ᠯᠢ ᠬᠠᠢ ᠵᠧᠨ ᠰᠢᠦᠢ ᠲᠢᠩ︶    ᠢᠷᠡᠯᠲᠡ᠄ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号