2021 ᠣᠨ ᠤ 2 ᠰᠠᠷ᠎ᠠ ᠶᠢᠨ 22 ᠤᠨ ᠡᠳᠦᠷ ᠣᠯᠠᠭᠠᠨᠬᠠᠳᠠ ᠬᠤᠳᠠ ᠶᠢᠨ ᠲᠣᠯᠣᠳᠣᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠣᠭᠠᠨ ᠲᠡᠭᠡᠷ᠎ᠡ ᠬᠤᠲᠠ ᠶᠢᠨ ᠳᠠᠷᠤᠭ᠎ᠠ | ᠸᠠᠩ ᠸᠠᠩ ᠱᠧᠩ ᠲᠦᠯᠦᠭᠡᠯᠡᠭᠴᠢᠳ ᠡ᠄ ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ︽ᠤᠯᠠᠭᠠᠨᠬᠠᠳᠠ ᠬᠤᠳᠠ ᠶᠢᠨ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ ᠬᠤᠶᠠᠷ ᠮᠢᠩᠭ᠎ᠠ ᠪᠦᠬᠡᠳ ᠭᠤᠴᠢᠨ ᠳᠠᠪᠤᠨ ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ | ︵ᠲᠥᠰᠦᠯ︶︾ ᠲᠠᠢ ᠬᠠᠮᠲᠤ ᠳᠤᠨᠢ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃ | ᠨᠢᠭᠡ᠂ 2020 ᠣᠨ ᠤ ᠭᠤᠣᠯ ᠠᠵᠢᠯ ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ | ᠠᠵᠤ ᠠᠬᠤᠶ ᠶᠢᠨ ᠪᠠᠶᠢᠳᠠᠯ᠂ ᠬᠠᠲᠠᠭᠤ ᠪᠡᠷᠬᠡ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠯᠭᠠᠬᠤ ᠡᠭᠦᠷᠭᠡ ᠶᠢᠨ | ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ | ᠳᠠᠭᠠᠷᠢᠯᠲᠠ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ | ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠵᠠᠰᠠᠭ ᠤᠨ ᠣᠷᠳᠣᠨ | ᠲᠣᠭᠲᠠᠭᠤᠨ ᠮᠥᠷᠳᠡᠭᠡᠨ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠠᠶᠢᠵᠢᠮ ᠢ ᠪᠠᠷᠢᠮᠲᠠᠯᠠᠵᠤ᠂ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ | ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ | ᠰᠢᠪᠲᠤᠯᠵᠤ᠂ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠪᠦᠬᠦ | ᠬᠤᠳᠠ ᠶᠢᠨ ᠠᠵᠤ ᠠᠬᠤᠢ ᠲᠣᠭᠲᠠᠪᠤᠷᠢᠵᠢᠨ ᠰᠠᠶᠢᠵᠢᠷᠠᠬᠤ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠠᠲᠤᠯᠠᠪᠠ᠃ ︵ᠨᠢᠭᠡ︶ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠢ | ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠡᠰᠡᠷᠭᠦᠴᠡᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠭᠡᠨᠡᠳᠲᠡ ᠡᠭᠦᠰᠦᠭᠰᠡᠨ ᠬᠥᠨᠲᠦ ᠨᠣᠴᠢᠲᠠᠢ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠯ ᠢ ᠲᠡᠷᠡ ᠳᠠᠷᠤᠢ ᠳᠤᠨᠢ ᠡᠷᠡᠰ | ᠰᠢᠭᠤᠷᠬᠠᠢ ᠪᠠᠷ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠥᠨᠳᠥᠷ ᠪᠦᠲᠦᠮᠵᠢᠲᠡᠢ ᠠᠵᠢᠯᠯᠠᠭᠠᠨ ᠤ ᠵᠢᠯᠣᠭᠤᠳᠬᠤ ᠰᠢᠰᠲ᠋ᠧᠮ ᠢ | ᠦᠳᠲᠡᠷ ᠲᠦᠷᠭᠡᠨ ᠪᠠᠶᠢᠭᠤᠯᠵᠤ᠂ ᠣᠨᠤᠴᠠᠲᠠᠢ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠲᠦᠷᠦᠯ ᠬᠤᠪᠢᠶᠠᠨ | ᠲᠣᠭᠲᠠᠭᠠᠵᠤ᠂ ᠵᠠᠷᠯᠠᠯ ᠵᠠᠷᠯᠢᠭ ᠢ ᠴᠠᠭ ᠲᠤᠬᠠᠢ ᠳᠤᠨᠢ ᠨᠡᠶᠢᠲᠡᠯᠡᠵᠦ᠂ ᠤᠬᠠᠭᠤᠯᠭ᠎ᠠ ᠰᠣᠷᠲᠠᠯᠴᠢᠯᠠᠭ᠎ᠠ ᠶᠢ ᠥᠨᠳᠦᠷ | ᠨᠢᠭᠲᠠᠴᠠ ᠪᠠᠷ ᠵᠣᠬᠢᠶᠠᠨ ᠪᠠᠶᠢᠭᠤᠯᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠡᠵᠡᠮᠳᠡᠨ᠂ ᠬᠠᠯᠳᠠᠪᠤᠷᠢᠯᠠᠬᠤ | ᠠᠷᠭ᠎ᠠ ᠵᠠᠮ ᠢ ᠲᠠᠰᠤᠯᠬᠤ ᠪᠠᠷ ᠭᠤᠣᠯᠳᠠᠯᠭ᠎ᠠ ᠪᠣᠯᠭᠠᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ ᠢ | ᠪᠦᠬᠦ ᠲᠠᠯ᠎ᠠ ᠪᠠᠷ ᠡᠬᠢᠯᠡᠭᠦᠯᠪᠡ᠃ ᠪᠥᠬᠦ ᠵᠢᠯ ᠳᠤ ᠡᠯ᠎ᠡ ᠱᠠᠲᠤᠨ ᠤ ᠡᠯ᠎ᠡ ᠲᠥᠷᠥᠯ ᠤᠨ ᠬᠢᠵᠢᠭ ᠢ ᠰᠡᠷᠭᠡᠶᠢᠯᠡᠨ | ᠡᠵᠡᠮᠳᠡᠬᠦ ᠪᠠᠯᠠ ᠮᠥᠩᠭᠦ ᠶᠢ 11 ᠳ᠋ᠦᠩᠰᠢᠭᠤᠷ ᠲᠥᠭᠦᠷᠢᠭ ᠣᠷᠣᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠥᠷᠨᠢᠯᠲᠡ ᠶᠢ ᠬᠦᠴᠦᠲᠡᠶ ᠪᠠᠲᠤᠯᠠᠪᠠ᠃ 44 ᠡᠳᠦᠷ ᠲᠤ ᠲᠤᠰ ᠭᠠᠵᠠᠷ ᠤᠨ ᠡᠪᠡᠳᠴᠢᠨ ᠤ ᠵᠢᠱᠢᠶ᠎ᠡ ᠶᠢ | ᠪᠦᠬᠦᠨ ᠢ ᠡᠮᠨᠡᠨ ᠡᠳᠡᠭᠡᠵᠦ᠂ ᠣᠨᠣᠰᠢᠯᠠᠭᠰᠠᠨ 9 ᠡᠪᠡᠳᠴᠢᠨ ᠤ ᠵᠢᠱᠢᠶ᠎ᠡ ᠶᠢᠨ ᠨᠢᠭᠡ ᠶᠢ ᠴᠦ ᠦᠬᠦᠭᠦᠯᠦᠭᠰᠡᠨ ᠦᠭᠡᠢ | ᠂ ᠡᠮᠴᠢ ᠰᠤᠪᠢᠯᠠᠭᠴᠢ ᠶᠢᠨ ᠨᠢᠭᠡ ᠨᠢ ᠴᠦ ᠬᠠᠯᠳᠠᠪᠤᠷᠢᠯᠠᠭᠰᠠᠨ ᠦᠭᠡᠢ ᠶᠢ ᠪᠡᠶᠡᠯᠡᠭᠦᠯᠪᠡ᠃ ︽ᠭᠠᠳᠠᠨ᠎ᠠ ᠠᠴᠠ | ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ︽ᠬᠥᠮᠦᠨ ᠪᠤᠳᠠᠰ ᠢ | ᠬᠠᠮᠲᠤ ᠳᠤᠨᠢ ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠣᠷᠣᠨ ᠳᠤ ᠡᠩ | ᠲᠡᠷᠢᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠨ᠂ ᠠᠮᠢᠳᠤᠷᠠᠯ ᠤᠨ ᠡᠮᠬᠢ ᠳᠢᠭᠯᠢᠮ ᠢᠶᠠᠨ ᠰᠡᠷᠭᠦᠭᠡᠵᠦ᠂ | ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠪᠦᠭᠡᠳ ᠪᠦᠲᠦᠮᠵᠢᠲᠡᠶ | ᠠᠬᠢᠭᠤᠯᠪᠠ᠃ 4 ᠪᠦᠯᠦᠭ ᠤᠳᠠᠭ᠎ᠠ ᠶᠢᠨ 109 ᠨᠡᠷᠡᠰ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ | ᠲᠣᠮᠢᠯᠠᠨ ᠬᠤᠪᠧᠶ ᠶᠢ ᠲᠤᠰᠠᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ | ᠴᠢᠬᠤᠯᠠ ᠵᠠᠩᠭᠢᠯᠠᠭ᠎ᠠ ᠶᠢᠨ ᠴᠡᠭ ᠤᠨ ᠲᠤᠰᠠᠯᠠᠬᠤ ᠡᠭᠦᠷᠭᠡ ᠶᠢ ᠪᠡᠶᠡᠯᠡᠭᠦᠯᠦᠨ᠂ ᠬᠤᠲᠠ ᠬᠥᠳᠡᠭᠡ ᠶᠢᠨ ᠵᠠᠬ᠎ᠠ | ᠳᠡᠯᠭᠡᠭᠦᠷ ᠤᠨ ᠬᠠᠩᠭᠠᠯᠭ᠎ᠠ ᠪᠠ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ | ᠪᠡᠲᠤᠯᠠᠪᠠ᠃ ᠬᠢᠵᠢᠭ ᠤᠨ ᠲᠡᠮᠡᠴᠡᠯ ᠤᠨ ᠳᠤᠮᠳᠠ᠂ ᠪᠦᠬᠦ ᠬᠤᠳᠠ ᠶᠢᠨ ᠥᠷᠭᠡᠨ ᠤᠯᠠᠨ ᠡᠮᠨᠡᠯᠭᠡ ᠶᠢᠨ ᠠᠵᠢᠯᠲᠠᠳ | ᠡᠷᠡᠰ ᠰᠢᠭᠤᠷᠬᠠᠢ ᠪᠠᠷ ᠠᠮᠢ ᠨᠠᠰᠤ ᠶᠢ ᠠᠪᠤᠷᠠᠵᠤ᠂ ᠨᠡᠶᠢᠭᠡᠮ ᠲᠣᠭᠤᠷᠢᠭ ᠤᠨ ᠠᠵᠢᠯᠳᠠᠨ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠰᠣᠨᠢᠨ ᠮᠡᠳᠡᠭᠡᠨ ᠤ ᠠᠵᠢᠯᠳᠠᠨ᠂ ᠰᠠᠶᠢᠨ | ᠳᠤᠷᠠᠴᠤᠳ ᠵᠣᠪᠠᠭᠤᠷᠢ ᠵᠦᠳᠡᠭᠦᠷᠢ ᠪᠠᠨ ᠬᠠᠶᠢᠬᠤᠷᠤᠯ ᠦᠭᠡᠢ ᠪᠠᠷ ᠨᠢᠭᠡᠳᠦᠭᠡᠷ ᠹᠷᠣᠨᠲ ᠢ ᠪᠠᠲᠤ ᠰᠠᠬᠢᠵᠤ᠂ ᠲᠤᠭ᠎ᠠ | ᠲᠣᠮᠰᠢ ᠦᠭᠡᠢ ᠡᠭᠡᠯ ᠵᠢᠷ ᠤᠨ ᠬᠥᠮᠦᠰ ᠦᠭᠡ ᠳᠠᠭᠤᠨ ᠦᠭᠡᠢ ᠪᠠᠷ ᠬᠤᠪᠢ ᠨᠡᠮᠡᠷᠢ ᠪᠠᠨ ᠦᠵᠡᠭᠦᠯᠵᠦ᠂ ᠪᠦᠬᠦ | ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠬᠦᠴᠦ ᠪᠠᠨ ᠬᠠᠮᠲᠤᠳᠬᠠᠨ᠂ ᠬᠢᠵᠢᠭ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠪᠠᠶᠢᠭᠤᠯᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ︵ᠬᠤᠶᠠᠷ︶ | ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ ᠦᠷᠭᠦᠯᠵᠢᠯᠡᠨ ᠴᠢᠩᠭᠠᠷᠠᠪᠠ᠃ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 2.7% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ | ᠬᠤᠷᠳᠤᠴᠠ ᠠᠴᠠ 4. 2 ᠵᠠᠭᠤᠨ ᠤ ᠴᠡᠭ ᠥᠨᠳᠥᠷ ᠪᠣᠯᠪᠠ᠃ ᠪᠦᠬᠦ ᠵᠢᠯ ᠳᠤ ᠶᠡᠷᠦᠩᠬᠡᠢ ᠪᠡᠯᠡ ᠣᠷᠣᠭᠤᠯᠤᠯᠲᠠ ᠨᠢ | 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠲᠠᠢ ᠲᠥᠷᠥᠯ ᠵᠦᠢᠯ 453 ᠶᠢ ᠠᠵᠢᠯ ᠡᠬᠢᠯᠡᠭᠦᠯᠵᠦ᠂ | ᠪᠡᠶᠡᠯᠡᠭᠦᠯᠦᠭᠰᠡᠨ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠪᠡ᠃ | ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ 17.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ 141 ᠴᠢᠨᠠᠷ | ᠰᠠᠶᠢᠲᠠᠶ ᠲᠥᠷᠥᠯ ᠵᠦᠢᠯ ᠢ ᠣᠷᠤᠭᠤᠯᠤᠨ ᠠᠪᠴᠢᠷᠠᠵᠤ ᠨᠠᠶᠢᠳᠠᠪᠤᠷᠢᠵᠢᠭᠤᠯᠵᠤ᠂ 40 ᠲᠦᠮᠡᠨ ᠲᠡᠭᠰᠢ ᠳᠥᠷᠪᠡᠯᠵᠢᠨ | ᠮᠧᠳ᠋ᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠵᠤ ᠠᠰᠢᠭᠯᠠᠨ ᠬᠡᠷᠡᠭᠯᠡᠪᠡ᠃ | ᠤᠯᠤᠰ ᠤᠨ ᠪᠡᠯᠡ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠳᠤ ᠬᠦᠴᠦᠨ ᠨᠡᠮᠡᠷᠢᠯᠡᠬᠦ ᠦᠢᠯᠡᠳᠦᠯ ᠲᠤᠪᠤᠶᠢᠮ᠎ᠠ ᠢᠯᠡᠷᠡᠵᠦ᠂ 27 ᠮᠥᠩᠭᠦᠨ ᠭᠦᠢᠯᠭᠡᠭᠡᠨ ᠤ ᠪᠠᠶᠢᠭᠤᠯᠤᠮᠵᠢ | 149 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 245 ᠳ᠋ᠦᠩᠰᠢᠭᠤᠷ ᠲᠥᠭᠦᠷᠢᠭ ᠤᠨ ᠢᠲᠡᠭᠡᠮᠵᠢ ᠶᠢᠨ | ᠵᠢᠭᠡᠯᠡᠯᠭᠡ ᠶᠢᠨ ᠭᠡᠷ᠎ᠡ ᠲᠣᠭᠲᠠᠵᠤ᠂ 10 ᠠᠵᠤ ᠠᠬᠤᠶᠢᠯᠠᠯ ᠥᠪᠥᠷ ᠮᠣᠩᠭᠤᠯ ᠤᠨ ᠰᠲ᠋ᠣᠺ ᠤᠨ ᠡᠷᠬᠡ ᠶᠢᠨ | ᠠᠷᠠᠯᠵᠢᠶᠠᠨ ᠤ ᠲᠥᠪ ᠲᠤ ᠰᠢᠨ᠎ᠡ ᠪᠠᠷ ᠠᠵᠢᠯ ᠡᠷᠬᠢᠯᠡᠵᠦ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 2155 ᠳ᠋ᠦᠩᠰᠢᠭᠤᠷ ᠲᠥᠭᠦᠷᠢᠭ᠂ ᠬᠠᠳᠠᠭᠠᠯᠠᠮᠵᠢ ᠶᠢᠨ | ᠦᠯᠡᠳᠡᠪᠦᠷᠢ 2606 ᠳ᠋ᠦᠩᠰᠢᠭᠤᠷ ᠲᠥᠭᠦᠷᠢᠭ ᠲᠤ ᠬᠦᠷᠴᠦ᠂ ᠲᠤᠰᠪᠤᠷᠢ 7.3% ᠪᠠ 7.6% ᠥᠰᠪᠡ᠃ | ᠬᠡᠷᠡᠭᠯᠡᠭᠡ ᠶᠢ ᠲᠠᠰ ᠳᠡᠪᠰᠢᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ 8500 ᠲᠦᠮᠡᠨ ᠲᠥᠭᠦᠷᠢᠭ ᠤᠨ | ᠬᠡᠷᠡᠭᠯᠡᠭᠡ ᠵᠢᠴᠢ ᠵᠢᠭᠤᠯᠴᠢᠯᠠᠯ ᠤᠨ ᠴᠠᠬᠢᠮ ᠲᠡᠮᠳᠡᠭᠲᠦ ᠲᠠᠷᠬᠠᠭᠠᠵᠤ᠂ 6.8 ᠳ᠋ᠦᠩᠰᠢᠭᠤᠷ ᠲᠥᠭᠦᠷᠢᠭ ᠤᠨ | ᠬᠡᠷᠡᠭᠯᠡᠭᠡ ᠶᠢ ᠳᠠᠶᠢᠴᠢᠯᠠᠪᠠ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ 583.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠲᠦᠪᠰᠢᠨ ᠳᠤ ᠬᠥᠷᠪᠡ᠃ ᠣᠯᠠᠨ ᠦᠨᠡᠮᠯᠡᠯ ᠢ ᠨᠡᠶᠢᠯᠡᠭᠦᠯᠬᠦ᠂ ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠭᠡᠬᠦ ᠵᠡᠷᠭᠡ 33 ᠵᠦᠢᠯ ᠤᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠰᠢᠨ᠎ᠡ ᠪᠠᠷ ᠨᠡᠶᠢᠲᠡᠯᠡᠵᠦ᠂ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠠᠰ ᠳᠡᠪᠰᠢᠭᠰᠡᠨ ᠬᠡᠪ ᠢ ᠤᠯᠠᠮ ᠨᠢᠭᠡ | ᠠᠯᠬᠤᠮ ᠪᠣᠶ ᠪᠣᠯᠭᠠᠪᠠ᠃ ᠭᠠᠶᠢᠯᠢ ᠬᠡᠯᠲᠦᠷᠢᠭᠦᠯᠵᠦ ᠰᠦᠢᠳᠬᠡᠯ ᠬᠠᠰᠤᠭᠰᠠᠨ ᠨᠣᠷᠮ᠎ᠠ 26.9 ᠳ᠋ᠦᠩᠰᠢᠭᠤᠷ | ᠲᠥᠭᠦᠷᠢᠭ ᠰᠢᠨ᠎ᠡ ᠨᠡᠮᠡᠭᠳᠡᠵᠦ᠂ ᠵᠢᠯ ᠤᠨ ᠥᠷᠢ ᠥᠭᠴᠡᠭᠡ ᠶᠢ ᠨᠠᠮᠳᠠᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ | ᠃ ︵ᠭᠤᠷᠪᠠ︶ ᠠᠵᠤ ᠦᠢᠯᠡᠰ ᠤᠨ ᠬᠥᠭᠵᠢᠯᠲᠡ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠠᠵᠤ | ᠦᠢᠯᠡᠳᠪᠦᠷᠢ ᠶᠢᠨ ᠨᠢᠭᠡ ᠪᠦᠯᠦᠭ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠬᠡᠷᠡᠭᠵᠢᠭᠦᠯᠦᠭᠳᠡᠵᠦ᠂ 650 | ᠲᠦᠮᠡᠨ ᠲᠣᠨ ᠬᠦᠩᠭᠡᠨ ᠴᠠᠭᠠᠨ ᠤ ᠢᠰᠦᠯ᠂ 270 ᠲᠦᠮᠡᠨ ᠲᠣᠨ ᠪᠤᠯᠤᠳ ᠬᠡᠦᠷᠡᠰᠦ ᠶᠢ ᠨᠢᠭᠡ ᠴᠤᠭᠴᠠᠵᠢᠭᠤᠯᠬᠤ | ᠂ 100 ᠲᠦᠮᠡᠨ ᠲᠣᠨ ᠴᠠᠬᠢᠭᠤᠷ ᠮᠠᠩᠭᠠᠨ ᠤ ᠬᠠᠶᠢᠯᠤᠰᠢ ᠵᠡᠷᠭᠡ ᠶᠢ ᠡᠬᠢᠯᠡᠨ ᠪᠦᠳᠦᠭᠡᠨ ᠪᠠᠶᠢᠭᠤᠯᠵᠤ᠂ ᠳ᠋ᠦᠩ | ᠶᠤᠸᠠᠢ ᠹᠯᠣᠷ ᠤᠨ ᠬᠢᠮᠢ ᠶᠢᠨ ᠠᠵᠤ ᠦᠢᠯᠡᠳᠪᠦᠷᠢ᠂ ᠶᠢᠨ ᠵᠢᠶᠠᠨ ᠵᠡᠰ ᠬᠠᠶᠢᠯᠤᠭᠤᠯᠬᠤ᠂ ᠫᠦ᠋ ᠯᠢ ᠲᠠᠢ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠨᠢᠭᠡᠳᠦᠭᠡᠷ ᠬᠤᠭᠤᠴᠠᠭ᠎ᠠ ᠵᠡᠷᠭᠡ ᠶᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠵᠤ᠂ ᠪᠦᠬᠦ ᠵᠢᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠲᠦᠷᠦᠯ | ᠵᠦᠢᠯ 83 ᠶᠢ ᠬᠡᠷᠡᠭᠵᠢᠭᠦᠯᠵᠦ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ 6.2% ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ ᠬᠤᠷᠳᠤᠴᠠ ᠠᠴᠠ 5. | 5 ᠵᠠᠭᠤᠨ ᠤ ᠴᠡᠭ ᠥᠨᠳᠥᠷ ᠪᠣᠯᠪᠠ᠃ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭᠠᠲᠠᠢ ᠠᠵᠤ ᠦᠢᠯᠡᠰ ᠢ | ᠲᠥᠷᠭᠡᠨ ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠢ 10 ᠲᠦᠮᠡᠨ ᠮᠥ ᠰᠢᠨ᠎ᠡ ᠪᠠᠷ ᠪᠠᠶᠢᠭᠤᠯᠤᠨ | ᠥᠭᠡᠷᠡᠴᠢᠯᠡᠵᠦ᠂ ᠦᠨᠳᠤᠷ ᠪᠠᠷᠢᠮᠵᠢᠶᠠᠳᠤ ᠳᠠᠷᠢᠶᠠᠨ ᠭᠠᠵᠠᠷ 53 ᠳᠦᠮᠡᠨ ᠮᠤ᠋ ᠰᠢᠨ᠎ᠠ ᠪᠠᠷ ᠨᠡᠮᠡᠭᠳᠡᠬᠦᠯᠵᠤ᠂ ᠬᠦᠬᠡ | ᠳᠠᠷᠤᠰᠢ ᠶᠢᠨ ᠡᠷᠳᠡᠨᠢ ᠰᠢᠰᠢ ᠪᠠ ᠪᠣᠷᠤ ᠴᠠᠷᠭᠠᠰᠤ ᠶᠢ 52 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠡᠪᠡᠰᠦᠨ | ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 45 ᠲᠦᠮᠡᠨ ᠮᠥ ᠳᠤ ᠬᠦᠷᠦᠭᠦᠯᠪᠡ᠃ ᠠᠯᠠᠰᠢᠨ ᠦᠬᠡᠷ ᠢ 34.4 | ᠲᠦᠮᠡᠨ ᠲᠣᠯᠤᠭᠠᠢ ᠰᠢᠨ᠎ᠡ ᠪᠠᠷ ᠨᠡᠮᠡᠭᠳᠡᠭᠦᠯᠵᠦ᠂ ᠠᠯᠠᠰᠢᠨ ᠬᠤᠨᠢ ᠶᠢ 1250 ᠲᠦᠮᠡ ᠠᠴᠠ ᠳᠡᠭᠡᠭᠰᠢ | ᠲᠣᠭᠲᠠᠪᠤᠷᠢᠵᠢᠭᠤᠯᠪᠠ᠃ ︽ᠬᠤᠶᠠᠷ ᠪᠦᠲᠦᠭᠡᠭᠳᠡᠬᠦᠨ ᠨᠢᠭᠡ ᠲᠡᠮᠳᠡᠭᠲᠦ︾ ᠶᠢᠨ ᠭᠡᠷᠡᠴᠢᠯᠡᠯ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 189 ᠰᠢᠨ᠎ᠡ ᠪᠠᠷ ᠨᠡᠮᠡᠭᠳᠡᠭᠦᠯᠵᠦ᠂ ︽ᠤᠯᠠᠭᠠᠨᠬᠠᠳᠠ ᠶᠢᠨ ᠨᠠᠷᠢᠮᠤ︾ | ᠶᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ︽ᠮᠣᠩᠭᠤᠯ︾ ᠲᠡᠮᠳᠡᠭᠲᠦ ᠨᠠᠷᠠᠲᠤ ᠲᠡᠮᠳᠡᠭᠲᠦ ᠳᠤ | ᠵᠢᠭᠰᠠᠭᠠᠨ ᠣᠷᠣᠭᠤᠯᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ 8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ᠃ ᠦᠢᠯᠡᠴᠢᠯᠡᠭᠡᠨ ᠤ ᠦᠢᠯᠡᠰ ᠬᠦᠴᠢᠷᠳᠡᠯ ᠤᠨ ᠳᠤᠮᠳᠠ ᠰᠢᠨ᠎ᠡ ᠬᠥᠭᠵᠢᠯᠲᠡ ᠲᠠᠢ ᠪᠣᠯᠵᠤ᠂ | ᠰᠦᠩᠱᠠᠨ ᠤ ᠸᠠᠨ ᠳ᠋ᠠ ᠠᠭᠤᠳᠠᠮ ᠲᠠᠯᠠᠪᠠᠶ᠂ ᠬᠥᠭᠦᠷᠭᠡᠨ ᠠᠷᠤ ᠶᠢᠨ ᠰᠢᠨ᠎ᠡ ᠵᠥᠩ ᠯᠢᠶᠠᠨ᠂ ᠯᠢᠨᠰᠢ ᠶᠢᠨ ᠬᠤᠩ | ᠰᠢᠩ ᠮᠧᠶ ᠺᠠᠶ ᠯᠦᠩ ᠵᠡᠷᠭᠡ ᠶᠢᠨ ᠪᠠᠶᠢᠭᠤᠯᠤᠯᠲᠠ ᠨᠢ ᠤᠷᠤᠭᠰᠢᠲᠠᠶ ᠶᠠᠪᠤᠭᠳᠠᠵᠤ᠂ ᠯᠦᠩ ᠲᠧᠩ ᠣᠯᠠᠨ | ᠤᠯᠤᠰ ᠤᠨ ᠠᠭᠤᠳᠠᠮ ᠲᠠᠯᠠᠪᠠᠶ᠂ ᠯᠢᠶᠣᠣ ᠤᠯᠤᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠮᠣᠩᠭᠤᠯ | ᠬᠠᠭᠠᠨ ᠤ ᠬᠤᠲᠠ᠂ ᠨᠠᠷᠢᠮᠤ ᠶᠢᠨ ᠮᠦᠽᠧᠶ᠂ ᠰᠢᠩ ᠯᠦᠩ ᠬᠥᠳᠡᠭᠡ ᠲᠤᠰᠬᠤᠨ ᠤ ᠬᠠᠮ ᠴᠣᠭᠴᠠ ᠵᠡᠷᠭᠡ ᠶᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ | ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ ᠨᠢ ᠥᠪᠡᠷᠲᠡᠭᠡᠨ ᠵᠠᠰᠠᠬᠤ | ᠣᠷᠣᠨ ᠤ ᠲᠠᠰ ᠤᠨ ᠪᠥᠬᠦ ᠣᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ | ᠡᠭᠦᠳᠦᠨ ᠪᠠᠶᠢᠭᠤᠯᠪᠠ᠃ ︵ᠳᠥᠷᠪᠡ︶ ᠬᠤᠲᠠ ᠬᠥᠳᠡᠭᠡ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ ᠭᠤᠣᠯ ᠬᠤᠲᠠ ᠲᠣᠭᠤᠷᠢᠭ ᠤᠨ ᠪᠠᠶᠢᠭᠤᠯᠤᠯᠲᠠ ᠶᠢᠨ ᠬᠢᠷᠢ ᠲᠥᠪᠰᠢᠨ ᠤᠯᠠᠮ | ᠨᠢᠭᠡ ᠠᠯᠬᠤᠮ ᠳᠡᠭᠡᠭᠰᠢᠯᠡᠵᠦ᠂ ᠳᠡᠭᠦᠯᠢᠯᠲᠡ ᠶᠡᠭᠡ ᠵᠠᠮ ᠪᠦᠬᠦ ᠱᠤᠭᠤᠮ ᠢᠶᠠᠷ ᠢᠶᠠᠨ ᠨᠡᠪᠲᠡᠷᠡᠵᠦ᠂ ᠳ᠋ᠠᠪᠠᠨ ᠵᠠᠮ ᠤᠨ | ᠡᠮᠦᠨᠡᠰᠢ ᠨᠡᠪᠲᠡᠷᠡᠬᠦ᠂ ᠬᠥᠬᠦᠭᠡ ᠵᠡᠭᠡᠯᠢ ᠶᠢᠨ ᠪᠠᠷᠠᠭᠤᠨᠰᠢ ᠨᠡᠪᠲᠡᠷᠡᠬᠦ ᠢᠨᠵᠧᠨᠧᠷᠢᠩ ᠤᠨ ᠲᠡᠷᠭᠡ ᠨᠡᠪᠲᠡᠷᠡᠬᠦ ᠶᠢ | ᠪᠡᠶᠡᠯᠡᠭᠦᠯᠵᠦ᠂ ᠬᠠᠳᠠᠨᠬᠤᠰᠢᠭᠤ ᠴᠡᠴᠡᠷᠯᠢᠭ᠂ ᠤᠯᠠᠭᠠᠨᠬᠠᠳᠠ ᠴᠡᠴᠡᠷᠯᠢᠭ ᠢ ᠨᠡᠭᠡᠭᠡᠨ ᠡᠵᠡᠩᠨᠡᠵᠦ᠂ ᠬᠤᠩᠱᠠᠨ | ᠴᠡᠴᠡᠷᠯᠢᠭ᠂ ᠡᠮᠦᠨ᠎ᠡ ᠠᠭᠤᠯᠠ ᠴᠡᠴᠡᠷᠯᠢᠭ ᠤᠨ ᠥᠭᠡᠷᠡᠴᠢᠯᠡᠨ ᠵᠠᠰᠠᠬᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ | ᠰᠠᠨ ᠽᠦᠸᠧ ᠳ᠋ᠢᠶᠠᠨ ᠤᠰᠤᠨ ᠴᠥᠭᠦᠷᠥᠮ᠂ ᠢᠩᠭᠡ ᠶᠢᠨ ᠭᠤᠣᠯ ᠤᠨ ᠤᠰᠤᠨ ᠰᠤᠷᠪᠤᠯᠵᠢ ᠭᠠᠵᠠᠷ ᠠᠴᠠ ᠭᠤᠣᠯ | ᠬᠤᠳᠠ ᠲᠣᠭᠤᠷᠢᠭ ᠲᠤ ᠤᠰᠤ ᠬᠠᠩᠭᠠᠬᠤ ᠶᠢ ᠪᠡᠶᠡᠯᠡᠭᠦᠯᠵᠦ᠂ 41 ᠺᠢᠯᠣᠮᠧᠳ᠋ᠷ ᠤᠨ ᠭᠤᠣᠯ ᠤᠨ ᠦᠶᠡᠷ ᠢ | ᠰᠡᠷᠭᠡᠶᠢᠯᠡᠨ ᠵᠠᠰᠠᠬᠤ᠂ 23 ᠺᠢᠯᠣᠮᠧᠳ᠋ᠷ ᠤᠨ ᠪᠣᠷᠣᠭᠠᠨ ᠤ ᠤᠰᠤ ᠬᠠᠶᠠᠭᠳᠠᠮᠠᠯ ᠤᠰᠤ ᠶᠢ ᠰᠠᠯᠭᠠᠬᠤ᠂ 8 | ᠺᠢᠯᠣᠮᠧᠳ᠋ᠷ ᠤᠨ ᠬᠤᠳᠠ ᠶᠢ ᠲᠣᠭᠤᠷᠢᠭᠰᠠᠨ ᠢᠯᠴᠢ ᠶᠢᠨ ᠲᠣᠣᠷ ᠵᠡᠷᠭᠡ ᠶᠢ ᠪᠠᠶᠢᠭᠤᠯᠤᠨ ᠠᠰᠢᠭᠯᠠᠯᠲᠠ ᠳᠤ | ᠣᠷᠤᠭᠤᠯᠵᠤ᠂ 10 ᠲᠥᠮᠡᠨ ᠲᠤᠨ ᠤ ᠳᠠᠬᠢᠯᠲᠠ ᠤᠰᠤ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠢ | ᠦᠨᠳᠦᠰᠦᠨ ᠳᠡᠭᠡᠨ ᠪᠡᠶᠡᠯᠡᠭᠦᠯᠪᠡ᠃ ᠭᠤᠣᠯ ᠬᠤᠲᠠ ᠲᠣᠭᠤᠷᠢᠭ ᠤᠨ ᠬᠤᠲᠠ ᠶᠢᠨ ᠳᠦᠷᠰᠦ ᠪᠠᠶᠢᠳᠠᠯ ᠢ | ᠶᠡᠷᠦᠩᠬᠡᠶᠢᠯᠡᠨ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠢᠯᠡᠳᠲᠡ ᠦᠷ᠎ᠡ ᠪᠦᠲᠦᠮᠵᠢ | ᠣᠯᠵᠤ᠂ 90 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠠᠰᠢᠭᠯᠠᠯᠲᠠ ᠳᠤ ᠣᠷᠤᠵᠤ᠂ ᠨᠡᠶᠢᠲᠡ ᠶᠢᠨ | ᠮᠠᠰᠢᠨ ᠲᠡᠷᠭᠡᠨ ᠤ ᠥᠷᠲᠡᠭᠡᠨ ᠤ ᠰᠠᠷᠠᠪᠴᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠢᠨᠡᠳᠬᠡᠬᠦ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠵᠦ᠂ ᠬᠤᠭ ᠨᠣᠪᠰᠢ ᠰᠢᠳᠠᠭᠠᠵᠤ ᠢᠯᠴᠢ ᠴᠠᠬᠢᠯᠭᠠᠨ ᠢ ᠬᠤᠯᠪᠤᠭᠠᠯᠠᠨ ᠦᠢᠯᠡᠳᠪᠦᠷᠢᠯᠡᠬᠦ ᠶᠢ | ᠪᠡᠶᠡᠯᠡᠭᠦᠯᠦᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠬᠤᠲᠠ ᠶᠢᠨ ᠶᠠᠪᠤᠳᠠᠯ ᠴᠡᠴᠡᠷᠯᠢᠭᠵᠢᠭᠦᠯᠦᠯᠲᠡ ᠶᠢᠨ | ᠠᠷᠠᠴᠢᠯᠠᠨ ᠬᠠᠮᠠᠭᠠᠯᠠᠬᠤ ᠶᠢ ᠨᠢᠭᠡ ᠴᠤᠭᠴᠠᠵᠢᠭᠤᠯᠬᠤ ᠬᠡᠯᠪᠡᠷᠢ ᠶᠢ ᠪᠥᠬᠦ ᠣᠷᠣᠨ ᠳᠤ ᠤᠷᠢᠳᠠᠪᠠᠷ ᠬᠡᠷᠡᠭᠵᠢᠭᠦᠯᠵᠦ᠂ | ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠬᠤᠲᠠ ᠶᠢᠨ 2779 ᠢᠵᠢ ᠳᠥᠭᠦᠮ | ᠪᠥᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 105 ᠲᠦᠮᠡᠨ | ᠲᠡᠭᠰᠢ ᠳᠥᠷᠪᠡᠯᠵᠢᠨ ᠮᠧᠳ᠋ᠷ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠪᠠ᠃ ᠵᠠᠮ | ᠬᠠᠷᠢᠯᠴᠠᠭ᠎ᠠ᠂ ᠡᠨᠧᠷᠭᠢ ᠶᠢᠨ ᠰᠠᠭᠤᠷᠢ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠶᠤᠤ ᠴᠧᠩ ᠽᠢ ᠠᠴᠠ ᠫᠢᠩ | ᠴᠢᠤᠸᠠᠨ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠪᠢᠷᠠᠭᠤ ᠠᠴᠠ ᠭᠦᠩᠵᠦ ᠶᠢᠨ ᠣᠪᠣᠭ᠎ᠠ ᠬᠦᠷᠬᠦ ᠲᠦᠷᠭᠡᠨ | ᠵᠠᠮ ᠢ ᠡᠬᠢᠯᠡᠨ ᠵᠠᠰᠠᠵᠤ᠂ ᠪᠣᠷᠤᠬᠤᠲᠠ ᠠᠴᠠ ᠴᠢᠪᠠᠭ᠎ᠠ ᠬᠥᠷᠬᠦ ᠲᠥᠷᠭᠡᠨ ᠵᠠᠮ ᠨᠢ ᠪᠣᠯᠤᠮᠵᠢ ᠶᠢᠨ ᠵᠥᠪᠰᠢᠶᠡᠷᠡᠯ | ᠣᠯᠪᠠ᠃ ᠵᠢᠨᠢᠩ ᠠᠴᠠ ᠲᠥᠩᠯᠢᠶᠤᠤ ᠬᠦᠷᠬᠦ ᠲᠡᠮᠦᠷ ᠵᠠᠮ ᠤᠨ ᠴᠠᠬᠢᠯᠭᠠᠨᠵᠢᠭᠰᠠᠨ ᠥᠭᠡᠷᠡᠴᠢᠯᠡᠯᠲᠡ ᠪᠦᠬᠦ ᠲᠠᠯ᠎ᠠ ᠪᠠᠷ | ᠡᠬᠢᠯᠡᠵᠦ᠂ ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠬᠤᠰᠢᠭᠤ ᠬᠦᠷᠬᠦ ᠲᠦᠷᠭᠡᠨ ᠲᠡᠮᠦᠷ ᠵᠠᠮ ᠲᠡᠷᠭᠡ | ᠨᠡᠪᠲᠡᠷᠡᠪᠡ᠃ 5 ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠠᠷᠤ | ᠬᠤᠷᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠶᠢ ᠪᠡᠶᠡᠯᠡᠭᠦᠯᠦᠨ᠂ ᠬᠠᠰ ᠯᠣᠣ ᠨᠢᠰᠬᠡᠯ ᠤᠨ | ᠪᠠᠭᠤᠳᠠᠯ ᠤᠨ ᠥᠭᠡᠷᠡᠴᠢᠯᠡᠨ ᠥᠷᠭᠡᠳᠬᠡᠬᠦ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ | ᠴᠤᠤᠶᠠᠩ ᠠᠴᠠ ᠤᠯᠠᠭᠠᠨᠬᠠᠳᠠ ᠬᠥᠷᠬᠦ ᠰᠢᠲᠠᠮᠠᠬᠠᠶ ᠬᠡᠶ ᠬᠦᠷᠭᠡᠬᠦ ᠬᠤᠭᠤᠯᠠᠶ ᠶᠢᠨ ᠤᠯᠠᠭᠠᠨᠬᠠᠳᠠ ᠶᠢᠨ ᠬᠡᠰᠡᠭ ᠤᠨ | ᠠᠵᠢᠯ ᠦᠨᠳᠦᠰᠦᠨ ᠳᠡᠭᠡᠨ ᠳᠠᠭᠤᠰᠴᠤ᠂ ᠽᠢ ᠴᠧᠩ ᠤᠨ 500 ᠺᠢᠯᠤᠸᠤᠯᠲ ᠤᠨ ᠴᠠᠬᠢᠯᠭᠠᠨ ᠬᠦᠷᠭᠡᠵᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠪᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ | ᠪᠥᠲᠥᠭᠡᠨ ᠪᠠᠶᠢᠭᠤᠯᠤᠯᠲᠠ ᠳᠤ 28.8 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠵᠤ᠂ 94 ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠠᠷᠤ ᠬᠤᠷᠴᠢᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠡᠬᠢᠯᠡᠭᠦᠯᠪᠡ᠃ ︵ᠲᠠᠪᠤ︶ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ᠃ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ | ᠡᠬᠢᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠠᠩᠬ᠎ᠠ ᠠᠯᠬᠤᠮ ᠵᠠᠭᠠᠭᠯᠠᠨ ᠲᠣᠭᠲᠠᠭᠠᠵᠤ᠂ ᠪᠥᠬᠦ | ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠲᠠᠯᠠᠪᠠᠶ 2.6 ᠲᠦᠮᠡᠨ ᠲᠡᠭᠰᠢ | ᠳᠥᠷᠪᠡᠯᠵᠢᠨ ᠺᠢᠯᠣᠮᠧᠳ᠋ᠷ ᠬᠦᠷᠴᠦ᠂ 8.6 ᠲᠦᠮᠡᠨ ᠾᠧᠺᠲ᠋ᠠᠷ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠴᠡᠭᠴᠡᠯᠡᠨ ᠵᠠᠰᠠᠵᠤ ᠨᠥᠬᠦᠪᠥᠷᠢᠯᠡᠨ ᠵᠢᠷᠤᠭᠯᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠣᠯᠵᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ ᠳᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠨ ᠪᠠᠶᠢᠴᠠᠭᠠᠵᠤ ᠬᠠᠷᠢᠭᠤ | ᠳᠤᠰᠬᠠᠭᠰᠠᠨ ᠠᠰᠠᠭᠤᠳᠠᠯ ᠤᠨ ᠬᠠᠭᠠᠰ ᠢᠯᠡᠭᠦᠦ ᠶᠢ ᠨᠢ ᠴᠡᠭᠴᠡᠯᠡᠨ ᠰᠠᠶᠢᠵᠢᠷᠠᠭᠤᠯᠪᠠ᠃ ᠭᠤᠣᠯ ᠬᠤᠲᠠ ᠶᠢᠨ ᠠᠭᠠᠷ | ᠮᠠᠨᠳᠣᠯ ᠤᠨ ᠶᠠᠰᠤ ᠴᠢᠨᠠᠷ ᠤᠨ ᠰᠢᠯᠢᠳᠡᠭ ᠡᠳᠦᠷ ᠤᠨ ᠲᠤᠭ᠎ᠠ 6 ᠵᠢᠯ ᠳᠠᠷᠠᠭᠠᠯᠠᠨ ᠨᠡᠮᠡᠭᠳᠡᠵᠦ᠂ 348 ᠡᠳᠦᠷ | ᠪᠣᠯᠪᠠ᠃ ᠭᠤᠣᠯ ᠬᠤᠲᠠ ᠲᠣᠭᠤᠷᠢᠭ ᠤᠨ 211 ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠪᠢᠲᠡᠭᠦᠮᠵᠢᠯᠡᠵᠦ᠂ ᠤᠯᠤᠰ ᠤᠨ ᠪᠠᠷᠢᠮᠵᠢᠶ᠎ᠠ ᠶᠢᠨ ᠣᠭᠲᠣᠯᠤᠭᠠᠰᠤ ᠶᠢᠨ ᠰᠢᠯᠢᠳᠡᠭ ᠰᠠᠶᠢᠨ ᠤᠰᠤ᠂ | ᠲᠠᠪᠤᠳᠤᠭᠠᠷ ᠲᠡᠰ ᠠᠴᠠ ᠪᠣᠬᠢᠷ ᠪᠠᠶᠢᠬᠤ ᠤᠰᠤ ᠶᠢᠨ ᠬᠠᠷᠢᠴᠠᠯ ᠨᠢ ᠴᠥᠮ ᠤᠯᠤᠰ ᠤᠨ ᠱᠠᠭᠠᠷᠳᠠᠯᠭ᠎ᠠ ᠳᠤ ᠬᠦᠷᠴᠦ᠂ | ᠬᠤᠲᠠ ᠶᠢᠨ ᠲᠥᠪᠯᠡᠷᠡᠭᠰᠡᠨ ᠢᠳᠡᠬᠦ ᠤᠰᠤᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠶᠢ ᠪᠠᠲᠤᠯᠠᠪᠠ᠃ | ᠬᠥᠷᠥᠰᠥ ᠰᠢᠷᠣᠶ ᠶᠢᠨ ᠪᠣᠬᠢᠷᠲᠤᠯ ᠤᠨ ᠨᠠᠷᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠠᠷᠢᠶᠠᠨ ᠡᠮ᠂ | ᠬᠢᠮᠢ ᠶᠢᠨ ᠪᠣᠷᠳᠤᠭᠤᠷ ᠤᠨ ᠬᠡᠷᠡᠭᠯᠡᠯᠲᠡ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 6% ᠪᠠ 5. | 2% ᠢᠶᠠᠷ ᠪᠠᠭᠤᠷᠠᠪᠠ᠃ ᠠᠮᠢ ᠠᠬᠤᠶ ᠶᠢ ᠵᠠᠰᠠᠵᠤ ᠰᠡᠷᠭᠦᠭᠡᠬᠦ ᠡᠷᠴᠢᠮ ᠢ ᠥᠷᠭᠦᠯᠵᠢᠯᠡᠨ ᠴᠢᠩᠭᠠᠷᠠᠭᠤᠯᠵᠤ᠂ | ᠯᠤᠤᠬ᠎ᠠ ᠶᠢᠨ ᠭᠤᠤᠯ ᠤᠨ ᠳᠡᠭᠡᠳᠦ ᠤᠷᠤᠰᠬᠠᠯ᠂ ᠰᠠᠨ ᠽᠦᠸᠧ ᠳ᠋ᠢᠶᠠᠨ ᠤᠰᠤᠨ ᠴᠥᠭᠦᠷᠥᠮ ᠤᠨ ᠡᠷᠬᠢᠨ | ᠲᠣᠭᠤᠷᠢᠨ ᠵᠢᠴᠢ ᠢᠩᠭᠡ ᠶᠢᠨ ᠭᠤᠣᠯ ᠤᠨ ᠳᠡᠭᠡᠳᠦ ᠤᠷᠤᠰᠬᠠᠯ᠂ ᠳᠠᠯᠠᠶᠢᠨᠠᠭᠤᠷ᠂ ᠰᠢᠷᠠᠮᠦ᠋ᠢᠷᠠᠨ ᠭᠤᠤᠯ ᠵᠡᠷᠭᠡ | ᠭᠤᠣᠯᠳᠠᠯᠭᠠᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ | ᠨᠡᠪᠳᠡᠷᠡᠬᠦ ᠵᠠᠮ ᠤᠨ ᠨᠣᠭᠤᠭᠠᠷᠠᠭᠤᠯᠤᠯᠲᠠ ᠶᠢᠨ ︽ᠬᠤᠶᠠᠷ ᠵᠢᠯ ᠤᠨ ᠠᠵᠢᠯᠯᠠᠭᠠᠨ ᠤ ᠲᠥᠯᠥᠪᠯᠡᠭᠡ︾ ᠶᠢ | ᠬᠤᠭᠤᠴᠠᠭ᠎ᠠ ᠶᠣᠰᠤᠭᠠᠷ ᠪᠡᠶᠡᠯᠡᠭᠦᠯᠵᠦ᠂ ᠪᠥᠬᠦ ᠵᠢᠯ ᠳᠤ 133 ᠲᠦᠮᠡᠨ ᠮᠥ ᠮᠣᠳᠣ ᠲᠠᠷᠢᠬᠤ᠂ 172 ᠲᠦᠮᠡᠨ ᠮᠥ | ᠬᠥᠮᠦᠨ ᠤ ᠬᠦᠴᠦ ᠪᠠᠷ ᠡᠪᠡᠰᠦ ᠲᠠᠷᠢᠬᠤ ᠶᠢ ᠪᠡᠶᠡᠯᠡᠭᠦᠯᠪᠡ᠃ ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠢᠯ | ᠦᠷᠭᠦᠯᠵᠢᠯᠡᠨ ᠰᠠᠶᠢᠵᠢᠷᠠᠪᠠ᠃ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 449 ᠳ᠋ᠦᠩᠰᠢᠭᠤᠷ | ᠲᠥᠭᠦᠷᠢᠭ ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 73% ᠶᠢ ᠡᠵᠡᠯᠡᠪᠡ᠃ ᠪᠦᠬᠦ | ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠣᠯᠭ᠎ᠠ ᠬᠦᠮᠦᠨ ᠪᠦᠷᠢ | ᠲᠡᠭᠰᠢᠳᠬᠡᠭᠡᠳ ᠲᠣᠰᠪᠣᠷᠢ 34770 ᠲᠥᠭᠦᠷᠢᠭ ᠪᠠ 13740 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2% ᠪᠠ 8.9% ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠤᠨ | ᠬᠤᠷᠳᠤᠴᠠ ᠠᠴᠠ ᠲᠣᠰᠪᠣᠷᠢ 0.6 ᠪᠠ 0.5 ᠵᠠᠭᠤᠨ ᠤ ᠴᠡᠭ ᠥᠨᠳᠥᠷ ᠪᠣᠯᠪᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠰᠢᠢᠳᠪᠦᠷᠢᠲᠤ ᠢᠯᠠᠯᠲᠠ ᠣᠯᠵᠤ᠂ 39.4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠢ 2012 | ᠬᠡᠷᠡᠭᠵᠢᠭᠦᠯᠵᠦ᠂ ᠦᠯᠡᠳᠡᠭᠰᠡᠨ 9786 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠪᠠ᠃ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ | ᠦᠷ᠎ᠡ ᠪᠦᠲᠦᠮᠵᠢ ᠶᠢᠨ ᠬᠢᠨᠠᠨ ᠰᠢᠯᠭᠠᠯᠲᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ | ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠪᠦᠬᠦᠨ ᠢᠶᠠᠷ ᠢᠶᠠᠨ ᠳᠠᠭᠤᠰᠴᠤ | ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠤᠯᠤᠰ ᠤᠨ ᠰᠤᠭᠤᠴᠢᠨ | ᠪᠠᠶᠢᠴᠠᠭᠠᠵᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ᠃ ᠵᠡᠭᠦᠨ ᠪᠠᠷᠠᠭᠤᠨ ᠣᠷᠤᠨ ᠤ ᠬᠠᠮᠵᠢᠯᠴᠠᠭ᠎ᠠ ᠪᠠ | ᠴᠡᠭ ᠲᠣᠭᠲᠠᠭᠠᠨ ᠬᠠᠪᠰᠤᠷᠤᠨ ᠳᠡᠳᠬᠦᠬᠦ ᠠᠵᠢᠯ ᠢᠯᠡᠳᠲᠡ ᠦᠷ᠎ᠡ ᠪᠦᠳᠦᠮᠵᠢ ᠣᠯᠵᠤ᠂ ᠪᠠᠭᠠᠷᠢᠨ ᠵᠡᠭᠦᠨ | ᠬᠤᠰᠢᠭᠤᠨ ᠤ ᠱᠦᠭᠦᠷ ᠤᠨ ᠡᠪᠡᠰᠦᠨ ᠤ ᠣᠨᠴᠠᠯᠢᠭᠲᠤ ᠠᠵᠤ ᠦᠢᠯᠡᠰ ᠤᠨ ︽ᠲᠠᠪᠤᠨ ᠬᠡᠯᠬᠢᠶ᠎ᠡ ᠶᠢ ᠨᠢᠭᠡᠳᠦᠯᠲᠡᠶ | ᠲᠥᠯᠥᠪᠯᠡᠬᠦ︾ ᠠᠵᠢᠯᠯᠠᠭ᠎ᠠ ᠨᠢ ︽ᠪᠥᠬᠦ ᠪᠥᠮᠪᠥᠷᠴᠡᠭ ᠤᠨ ᠶᠠᠳᠠᠭᠤ ᠶᠢ ᠪᠠᠭᠠᠰᠬᠠᠭᠰᠠᠨ ᠵᠢᠱᠢᠶ᠎ᠡ ᠴᠤᠭᠯᠠᠭᠤᠯᠬᠤ | ᠠᠵᠢᠯᠯᠠᠭ᠎ᠠ︾ ᠶᠢᠨ ᠬᠠᠮᠤᠭ ᠤᠨ ᠰᠠᠶᠢᠨ ᠵᠢᠱᠢᠶ᠎ᠡ ᠪᠠᠷ ᠦᠨᠡᠯᠡᠭᠳᠡᠪᠡ᠃ ᠪᠦᠬᠦ ᠬᠤᠲᠠ ᠶᠢᠨ ᠬᠤᠲᠠ ᠪᠠᠯᠭᠠᠰᠤᠨ ᠳᠤ | 2.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 69.5 ᠲᠦᠮᠡᠨ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠵᠤ᠂ ︽ᠠᠵᠢᠯ ᠲᠠᠢ ᠬᠥᠮᠦᠨ ᠦᠭᠡᠢ︾ ᠭᠡᠷ ᠪᠦᠯᠢ ᠪᠠᠶᠢᠬᠤ ᠦᠭᠡᠢ ᠶᠢ ᠪᠠᠲᠤᠯᠠᠪᠠ᠃ | ᠪᠥᠬᠦ ᠵᠢᠯ ᠳᠤ ︽ᠰᠠᠭᠠᠳ ᠥᠬᠡᠶ ᠨᠡᠪᠲᠡᠷᠡᠬᠦ ᠵᠠᠮ︾ ᠵᠡᠷᠭᠡ ᠠᠷᠭ᠎ᠠ ᠮᠠᠶ᠋ᠢᠭ ᠢᠶᠠᠷ 400 ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ᠠᠵᠢᠯ ᠦᠢᠯᠡᠰ ᠤᠨ ᠨᠢᠭᠡᠴᠡ ᠳᠤ 4210 ᠠᠵᠢᠯᠲᠠᠨ ᠤᠷᠢᠨ ᠬᠡᠷᠡᠭᠯᠡᠬᠦ ᠶᠢ | ᠪᠡᠶᠡᠯᠡᠭᠦᠯᠪᠡ᠃ 20 ᠰᠠᠭᠤᠷᠢ ᠬᠡᠤᠬᠡᠳ ᠤᠨ ᠴᠡᠴᠡᠷᠯᠢᠭ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠨᠢ 82% ᠲᠤ ᠬᠥᠷᠴᠦ᠂ ᠳᠡᠭᠡᠷ᠎ᠡ ᠵᠢᠯ ᠤᠨ ᠬᠢ ᠠᠴᠠ 19 | ᠵᠠᠭᠤᠨ ᠤ ᠴᠡᠭ ᠳᠡᠭᠡᠭᠰᠢᠯᠡᠪᠡ᠃ 8 ᠰᠠᠭᠤᠷᠢ ᠳᠤᠮᠳᠠᠳᠤ ᠪᠠᠭ᠎ᠠ ᠰᠤᠷᠭᠠᠭᠤᠯᠢ ᠪᠠᠶᠢᠭᠤᠯᠵᠤ᠂ ᠠᠯᠪᠠᠨ ᠵᠢᠷᠦᠮ ᠤᠨ | ᠰᠤᠷᠭᠠᠨ ᠬᠥᠮᠦᠵᠢᠯ ᠤᠨ ᠱᠠᠲᠤᠨ ᠳᠤ ᠢᠯᠡ ᠪᠠᠷ ᠰᠤᠷᠤᠭᠴᠢ ᠡᠯᠰᠡᠵᠦ᠂ ᠢᠯᠡ ᠪᠠᠷ ᠠᠩᠬᠢ ᠬᠤᠪᠢᠶᠠᠬᠤ ᠶᠢ ᠪᠦᠬᠦ | ᠲᠠᠯ᠎ᠠ ᠪᠠᠷ ᠪᠡᠶᠡᠯᠡᠭᠦᠯᠪᠡ᠃ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠠᠶᠢᠭᠤᠯᠤᠭᠳᠠᠭᠰᠠᠨ ᠮᠥᠷᠲᠡᠭᠡᠨ ᠰᠤᠷᠤᠭᠴᠢ ᠡᠯᠰᠡᠵᠦ᠂ ᠤᠯᠠᠭᠠᠨᠬᠠᠳᠠ ᠳᠡᠭᠡᠳᠦ ᠰᠤᠷᠭᠠᠭᠤᠯᠢ ᠨᠢ 7 | ᠠᠰᠫᠢᠷᠠᠨᠲ ᠤᠨ ᠴᠡᠭ ᠢ ᠰᠢᠨ᠎ᠡ ᠪᠠᠷ ᠨᠡᠮᠡᠭᠳᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠳᠡᠯᠭᠡᠷᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠪᠠ᠃ | ᠰᠦᠩᠱᠠᠨ ᠲᠣᠭᠤᠷᠢᠭ ᠨᠢ ᠪᠦᠬᠦ ᠤᠯᠤᠰ ᠤᠨ ︽ᠳᠥᠷᠪᠡᠳᠦᠭᠡᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ | ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠬᠤᠲᠠ︾ ᠪᠠᠷ | ᠦᠨᠡᠯᠡᠭᠳᠡᠪᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ | ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠦᠷᠭᠦᠯᠵᠢᠯᠡᠨ | ᠦᠷᠭᠡᠳᠴᠦ᠂ ᠥᠨᠳᠥᠷ ᠨᠠᠰᠤᠨ ᠤ ᠨᠥᠬᠦᠪᠥᠷᠢ ᠶᠢᠨ ᠲᠦᠭᠡᠮᠡᠯ ᠬᠠᠷᠠᠭᠠᠯᠵᠠᠯ ᠤᠨ ᠲᠦᠷᠢᠮ ᠪᠠ ᠨᠠᠰᠤᠲᠠᠶᠢᠴᠤᠳ ᠤᠨ | ᠭᠡᠨᠡᠳᠡᠯ ᠰᠢᠷᠬᠠᠲᠤᠯ ᠤᠨ ᠳᠠᠭᠠᠳᠬᠠᠯ ᠤᠨ ᠨᠡᠶᠢᠳᠡᠮ ᠪᠦᠷᠬᠦᠯᠲᠡ ᠶᠢ ᠪᠡᠶᠡᠯᠡᠭᠦᠯᠪᠡ᠃ ᠡᠦ ᠠᠨ ᠵᠧᠦ ᠶᠢᠨ ᠯᠢᠶᠣᠤ | ᠤᠯᠤᠰ ᠤᠨ ᠰᠤᠪᠤᠷᠭ᠎ᠠ ᠶᠢ ᠬᠠᠮᠠᠭᠠᠯᠠᠵᠤ ᠰᠡᠯᠪᠢᠨ ᠵᠠᠰᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ | ᠤᠯᠠᠭᠠᠨᠬᠠᠳᠠ ᠶᠢᠨ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠭᠠᠨ ᠳᠡᠪᠰᠢᠭᠦᠯᠵᠦ᠂ 10 | ᠬᠤᠳᠠ ᠶᠢᠨ ᠨᠣᠮ ᠤᠨ ᠦᠷᠦᠭᠡ ᠶᠢ ᠰᠢᠨ᠎ᠡ ᠪᠠᠷ ᠪᠠᠶᠢᠭᠤᠯᠪᠠ᠃ ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠳᠠ ᠪᠠᠷ ︽ᠶᠢᠰᠦᠨ ᠵᠢᠯ ᠳᠠᠷᠠᠭᠠᠯᠠᠨ ᠨᠡᠷᠡᠶᠢᠳᠦᠭᠳᠡᠬᠦ︾ ᠶᠢ ᠪᠡᠶᠡᠯᠡᠭᠦᠯᠪᠡ᠃ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠭ᠎ᠠ ᠶᠢᠨ ᠰᠠᠯᠠᠭ᠎ᠠ | | | |