ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ | ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠤᠯᠠᠭᠠᠨᠬᠠᠳᠠ ᠵᠠᠰᠠᠭ ᠲᠠᠷᠬᠠᠭᠠᠭᠰᠠᠨ ︹2020︺ 111 ᠳ᠋ᠦ᠋ᠭᠡᠷ ᠲᠣᠭᠠᠲᠤ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠵᠥᠪᠯᠡᠯ | ᠠᠯᠪᠠᠨ ᠬᠡᠷ ᠲᠣᠪᠴᠢᠶ᠎ᠠ ᠳᠤ᠄ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ | ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ 2020 ᠣᠨ ᠤ 12 ᠰᠠᠷ᠎ᠠ ᠶᠢᠨ 1 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠨ᠎ᠡ︶ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ | ᠠᠷᠭ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ | ᠪᠠᠭᠰᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠲᠠᠯ᠎ᠠ ᠪᠠᠷ | ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠡᠷᠡᠰ ᠵᠠᠰᠠᠵᠤ᠂ ᠰᠤᠷᠭᠠᠨ ᠬᠥᠮᠦᠵᠢᠯ ᠤᠨ ᠠᠵᠢᠯ ᠲᠥᠷᠥᠯ ᠤᠨ | ᠲᠥᠪ ᠪᠤᠰᠤ ᠰᠤᠷᠲᠠᠯ ᠢ ᠵᠠᠯᠠᠷᠠᠭᠤᠯᠤᠨ᠂ ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠵᠥᠪ ᠲᠠᠯ᠎ᠠ ᠶᠢᠨ | ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠣᠷᠴᠢᠨ ᠠᠬᠤᠶ ᠶᠢ ᠪᠠᠶᠢᠭᠤᠯᠬᠤ ᠶᠢᠨ | ᠲᠤᠰᠠᠳᠠ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ ᠨᠢᠭᠡᠳᠦᠭᠡᠷ ᠵᠦᠢᠯ ᠲᠣᠰ ᠠᠷᠭ᠎ᠠ ᠳᠤ ᠵᠢᠭᠠᠵᠤ ᠪᠠᠶᠢᠭ᠎ᠠ | ᠪᠠᠭᠰᠢ ᠭᠡᠳᠡᠭ ᠨᠢ ᠡᠩ ᠤᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ᠂ ᠪᠠᠭᠠᠴᠤᠳ ᠤᠨ | ᠣᠷᠳᠣᠨ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠤᠯ᠂ ᠴᠠᠬᠢᠯᠭᠠᠨᠵᠢᠭᠰᠠᠨ ᠰᠤᠷᠭᠠᠨ ᠬᠥᠮᠦᠵᠢᠯ | ᠵᠡᠷᠭᠡ ᠪᠠᠶᠢᠭᠤᠯᠤᠮᠵᠢ ᠶᠢᠨ ᠠᠵᠢᠯ ᠳᠤ ᠪᠠᠶᠢᠭ᠎ᠠ ᠪᠠᠭᠰᠢ ᠶᠢ ᠵᠢᠭᠠᠵᠤ ᠪᠣᠶ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠪᠠᠶᠢᠭᠤᠯᠤᠮᠵᠢ ᠶᠢᠨ ᠪᠠᠭᠰᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠤᠶᠠᠳᠤᠭᠠᠷ ᠵᠦᠢᠯ | ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ | ᠲᠣᠭᠲᠠᠭᠠᠯ᠄ ︵ᠨᠢᠭᠡ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠵᠢᠴᠢ ᠪᠤᠰᠤᠳ | ᠲᠠᠯᠠᠪᠤᠷ ᠲᠤ ᠨᠠᠮ ᠤᠨ ᠲᠥᠪ ᠬᠤᠷᠢᠶᠠᠨ ᠤ ᠡᠷᠬᠡ ᠰᠦᠷ ᠢ ᠬᠤᠬᠢᠷᠠᠭᠤᠯᠬᠤ᠂ ᠨᠠᠮ ᠤᠨ ᠱᠤᠭᠤᠮ ᠴᠢᠭᠯᠡᠯᠲᠡ | ᠲᠦᠷᠦ ᠶᠢᠨ ᠪᠤᠳᠤᠯᠭ᠎ᠠ ᠶᠢ ᠵᠥᠷᠢᠴᠡᠬᠦ ᠵᠡᠷᠭᠡ ᠦᠭᠡ ᠶᠠᠷᠢᠶ᠎ᠠ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ | ᠬᠤᠶᠠᠷ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠳᠤᠮᠳᠠ ᠵᠢᠴᠢ ᠪᠤᠰᠤᠳ ᠲᠠᠯᠠᠪᠤᠷ ᠲᠤ | ᠤᠯᠤᠰ ᠤᠨ ᠠᠰᠢᠭ ᠲᠤᠰᠠ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ᠂ ᠠᠷᠠᠳ ᠲᠦᠮᠡᠨ ᠤ ᠠᠰᠢᠭ | ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠬᠦ᠂ ᠨᠡᠶᠢᠭᠡᠮ ᠤᠨ ᠡᠮᠬᠢ ᠵᠢᠷᠤᠮ ᠰᠠᠶᠢᠨ | ᠰᠠᠶᠢᠬᠠᠨ ᠬᠡᠪ ᠵᠠᠩᠰᠢᠯ ᠠᠴᠠ ᠵᠥᠷᠢᠴᠡᠬᠦ᠂ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ | ᠵᠡᠷᠭᠡ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ︵ᠭᠤᠷᠪᠠ︶ ᠬᠢᠴᠢᠶᠡᠯ ᠤᠨ ᠲᠠᠩᠬᠢᠮ᠂ ᠥᠭᠦᠯᠡᠯ ᠤᠨ | ᠲᠠᠪᠴᠠᠩ᠂ ᠲᠠᠶᠢᠯᠤᠮᠵᠢ ᠶᠢᠨ ᠲᠣᠣᠷ ᠰᠦᠯᠵᠢᠶ᠎ᠡ ᠵᠢᠴᠢ ᠪᠤᠰᠤᠳ ᠠᠷᠭ᠎ᠠ ᠵᠠᠮ ᠢᠶᠠᠷ ᠲᠥᠪ᠂ ᠥᠪᠡᠷᠲᠡᠭᠡᠨ ᠵᠠᠰᠠᠬᠤ | ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ | ᠨᠥᠯᠥᠭᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠪᠳᠡᠬᠦ ᠪᠠᠷ ᠥᠳᠥᠭᠡᠭᠰᠡᠨ ᠶᠠᠷᠢᠶ᠎ᠠ ᠬᠡᠯᠡᠯᠴᠡᠭᠡ | ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ᠂ ᠮᠠᠭᠤ ᠮᠡᠳᠡᠭᠡ ᠵᠠᠩᠭᠢ ᠵᠣᠬᠢᠶᠠᠬᠤ᠂ | ᠲᠠᠷᠬᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠳᠥᠷᠪᠡ︶ ᠰᠤᠷᠭᠠᠭᠤᠯᠢ ᠳᠤ ᠱᠠᠰᠢᠨ | ᠰᠤᠷᠲᠠᠬᠤᠨ ᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠰᠤᠷᠭᠠᠭᠤᠯᠢ ᠵᠢᠴᠢ ᠪᠤᠰᠤᠳ ᠭᠠᠵᠠᠷ ᠲᠠᠯᠠᠪᠤᠷ ᠲᠤ | ᠭᠠᠵᠢᠭᠤ ᠱᠠᠰᠢᠨ᠂ ᠭᠠᠵᠢᠭᠤ ᠨᠣᠮᠯᠠᠯ ᠲᠠᠷᠬᠠᠭᠠᠬᠤ ᠶᠢ ᠴᠢᠩᠭ᠎ᠠ ᠴᠠᠭᠠᠵᠠᠯᠠᠵᠤ᠂ ᠹᠸᠤᠳᠠᠯ ᠤᠨ ᠮᠤᠬᠤᠷ ᠪᠢᠰᠢᠷᠡᠯ ᠤᠨ | ᠦᠵᠡᠯ ᠰᠠᠨᠠᠭ᠎ᠠ ᠶᠢ ᠤᠬᠠᠭᠤᠯᠵᠤ᠂ ᠬᠠᠤᠯᠢ ᠪᠤᠰᠤ ᠬᠡᠪᠯᠡᠭᠳᠡᠬᠦᠨ᠂ ᠳᠣᠤᠷᠠᠳᠤ ᠲᠠᠰ ᠤᠨ ᠪᠣᠯᠬᠢ ᠰᠣᠶᠣᠯ ᠢ | ᠤᠯᠠᠮᠵᠢᠯᠠᠵᠤ᠂ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠲᠠᠲᠠᠬᠤ︾ ᠵᠡᠷᠭᠡ ᠦᠢᠯᠡ ᠠᠵᠢᠯᠯᠠᠭ᠎ᠠ ᠳᠤ | ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ︵ᠲᠠᠪᠤ︶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ | ᠳᠤᠮᠳᠠ ᠭᠡᠨᠡᠳᠲᠡ ᠶᠢᠨ ᠬᠡᠷᠡᠭ ᠲᠣᠬᠢᠶᠠᠯᠳᠤᠬᠤ᠂ ᠠᠶᠤᠯ ᠲᠦᠭᠰᠢᠭᠦᠷᠢ ᠲᠤᠯᠭᠠᠷᠠᠬᠤ ᠦᠶᠡᠰ᠂ ᠰᠤᠷᠤᠭᠴᠢᠳ ᠤᠨ | ᠠᠮᠤᠷ ᠲᠦᠪᠰᠢᠨ ᠠᠶᠤᠯ ᠲᠦᠭᠰᠢᠭᠦᠷᠢ ᠶᠢ ᠥᠯᠥ ᠬᠠᠶᠢᠬᠤᠷᠬᠤ ᠦᠭᠡᠢ᠂ ᠳᠤᠷ᠎ᠠ ᠪᠠᠷ ᠢᠶᠠᠨ ᠠᠵᠢᠯ ᠤᠨ | ᠪᠠᠶᠢᠷᠢ ᠠᠴᠠ ᠪᠠᠨ ᠰᠠᠯᠬᠤ᠂ ᠥᠪᠡᠰᠦᠪᠡᠨ ᠳᠤᠲᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ | ᠵᠢᠷᠭᠤᠭ᠎ᠠ︶ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠪᠣᠯᠤᠨ ᠰᠤᠷᠤᠭᠴᠢᠳ ᠤᠨ ᠬᠠᠮᠢᠶᠠᠷᠤᠯᠲᠠ ᠪᠠ | ᠦᠨᠡᠯᠡᠯᠲᠡ ᠳᠤᠮᠳᠠ᠂ ᠰᠤᠷᠤᠭᠴᠢᠳ ᠲᠤ ᠲᠡᠭᠰᠢ ᠪᠤᠰᠤ᠂ ᠭᠤᠣᠯᠴᠢ ᠪᠤᠰᠤ ᠬᠠᠨᠳᠤᠵᠤ ᠨᠡᠶᠢᠭᠡᠮ ᠳᠤ ᠮᠠᠭᠤ | ᠨᠥᠯᠥᠭᠡ ᠦᠵᠡᠭᠦᠯᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ︵ᠳᠣᠯᠤᠭ᠎ᠠ︶ ᠰᠤᠷᠤᠭᠴᠢ ᠡᠯᠰᠡᠬᠦ᠂ | ᠰᠢᠯᠭᠠᠬᠤ᠂ ᠰᠢᠯᠢᠳᠡᠭ ᠢ ᠲᠠᠨᠢᠯᠴᠠᠭᠤᠯᠬᠤ ᠵᠢᠴᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ | ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠲᠣᠭᠲᠠᠭᠠᠵᠤ ᠤᠷᠢᠨ ᠬᠡᠷᠡᠭᠯᠡᠬᠦ᠂ ᠰᠢᠯᠢᠳᠡᠭ ᠢ | ᠰᠢᠯᠭᠠᠷᠠᠭᠤᠯᠵᠤ ᠱᠠᠩᠨᠠᠯ ᠤᠯᠭᠤᠬᠤ ᠵᠡᠷᠭᠡ ᠠᠵᠢᠯ ᠤᠨ ᠳᠤᠮᠳᠠ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ | ᠵᠥᠷᠢᠴᠡᠬᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ | ᠨᠠᠢᠮᠠ︶ ᠠᠵᠢᠯᠯᠠᠬᠤ ᠬᠤᠭᠤᠴᠠᠭᠠᠨ ᠳᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠤᠬᠤ᠂ ᠨᠠᠵᠠᠭᠠᠶᠢᠷᠠᠨ | ᠬᠤᠶᠢᠷᠭᠤᠰᠢᠬᠤ᠂ ᠰᠲ᠋ᠣᠺ ᠠᠷᠠᠯᠵᠢᠶᠠᠯᠠᠬᠤ᠂ ᠪᠢᠴᠢᠯ ᠬᠤᠳᠠᠯᠳᠤᠭ᠎ᠠ ᠡᠵᠡᠩᠨᠡᠬᠦ᠂ ᠰᠦᠯᠵᠢᠶᠡᠨ ᠳᠡᠭᠡᠷ᠎ᠡ ᠪᠠᠷᠠᠭ᠎ᠠ | ᠬᠤᠳᠠᠯᠳᠤᠨ ᠠᠪᠬᠤ᠂ ᠲᠣᠭᠯᠠᠭᠠᠮ ᠨᠠᠭᠠᠳᠬᠤ᠂ ᠭᠠᠷ ᠤᠲᠠᠰᠤ ᠪᠠᠷ ᠵᠣᠭᠤᠭᠳᠠᠬᠤ᠂ ᠨᠠᠶᠢᠵᠠ ᠶᠢᠨ ᠬᠦᠷᠢᠶ᠎ᠡ ᠪᠠᠨ | ᠱᠤᠤᠠᠰᠠᠳᠠᠬᠤ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠦᠭᠡᠶ ᠦᠢᠯᠡ ᠠᠵᠢᠯᠯᠠᠭ᠎ᠠ ᠶᠢ | ᠴᠢᠩᠭ᠎ᠠ ᠴᠠᠭᠠᠵᠠᠯᠠᠨ᠎ᠠ᠃ ︵ᠶᠢᠰᠦ︶ ᠰᠤᠷᠤᠭᠴᠢᠳ ᠢ ᠬᠠᠷᠠᠲᠠᠨ ᠲᠠᠮᠤᠯᠠᠬᠤ᠂ ᠡᠰᠡᠬᠦᠯ᠎ᠡ ᠬᠠᠯᠠ ᠦᠵᠡᠭᠦᠯᠬᠦ᠂ | ᠳᠣᠷᠣᠮᠵᠢᠯᠠᠬᠤ᠂ ᠭᠠᠳᠠᠭᠤᠷᠴᠢᠯᠠᠬᠤ᠂ ᠬᠤᠱᠣᠩᠨᠠᠬᠤ᠂ ᠶᠥᠭᠡᠳᠡᠬᠦ᠂ ᠭᠠᠭᠴᠠᠭᠠᠷᠳᠠᠭᠤᠯᠬᠤ ᠵᠡᠷᠭᠡ ᠠᠷᠭ᠎ᠠ ᠮᠠᠶ᠋ᠢᠭ ᠢᠶᠠᠷ | ᠬᠡᠯᠪᠡᠷᠢ ᠶᠢ ᠨᠢ ᠥᠭᠡᠷᠡᠲᠦᠭᠦᠯᠦᠨ ᠰᠤᠷᠤᠭᠴᠢᠳ ᠢ ᠬᠠᠷᠠᠲᠠᠨ ᠲᠠᠮᠤᠯᠠᠬᠤ᠂ ᠰᠤᠷᠤᠭᠴᠢᠳ ᠤᠨ ᠪᠡᠶ᠎ᠡ ᠰᠡᠳᠬᠢᠯ ᠢ ᠨᠢ | ᠭᠡᠮᠲᠦᠭᠡᠬᠦ᠂ ᠡᠰᠡᠬᠦᠯ᠎ᠡ ᠠᠯᠪᠠᠳᠠᠬᠤ᠂ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠰᠤᠷᠭᠠᠭᠤᠯᠢ | ᠰᠢᠯᠵᠢᠭᠦᠯᠬᠦ᠂ ᠰᠤᠷᠤᠯᠭ᠎ᠠ ᠶᠢ ᠨᠢ ᠲᠦᠷ ᠵᠣᠭᠰᠤᠭᠠᠬᠤ᠂ ᠰᠤᠷᠭᠠᠭᠤᠯᠢ ᠠᠴᠠ ᠭᠠᠷᠭᠠᠬᠤ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠ︶ ᠨᠡᠶᠢᠭᠡᠮ ᠤᠨ ᠶᠣᠰᠣ ᠰᠤᠷᠲᠠᠬᠤᠨ ᠠᠴᠠ ᠵᠥᠷᠢᠴᠡᠬᠦ᠂ | ᠰᠤᠷᠤᠭᠴᠢᠳ ᠯᠤᠭ᠎ᠠ ᠵᠦᠶ ᠶᠣᠰᠣᠨ ᠤ ᠪᠤᠰᠤ ᠬᠠᠷᠢᠴᠠᠭ᠎ᠠ ᠭᠠᠷᠬᠤ᠂ ᠡᠰᠡᠬᠦᠯ᠎ᠡ ᠶᠠᠮᠠᠷᠪᠠ ᠬᠡᠯᠪᠡᠷᠢ ᠶᠢᠨ ᠱᠠᠯᠢᠭᠯᠠᠬᠤ᠂ | ᠪᠡᠯᠭᠡ ᠶᠢᠨ ᠬᠠᠯᠳᠠᠯᠭ᠎ᠠ ᠬᠢᠬᠦ ᠵᠡᠷᠭᠡ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ︵ᠠᠷᠪᠠᠨ ᠨᠢᠭᠡ︶ | ᠬᠢᠴᠢᠶᠡᠯ ᠳᠡᠭᠡᠷ᠎ᠡ ᠬᠢᠨᠠᠮᠠᠭᠠᠶ ᠵᠢᠭᠠᠬᠤ ᠦᠭᠡᠶ᠂ ᠬᠢᠴᠢᠶᠡᠯ ᠤᠨ ᠳᠠᠷᠠᠭ᠎ᠠ ᠰᠤᠷᠤᠭᠴᠢᠳ ᠢ ᠵᠣᠬᠢᠶᠠᠨ ᠪᠠᠶᠢᠭᠤᠯᠤᠨ | ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠥᠷᠨᠢᠭᠦᠯᠬᠦ᠂ ᠡᠰᠡᠬᠦᠯ᠎ᠡ ᠰᠤᠷᠤᠭᠴᠢᠳ ᠢ ᠳᠠᠯᠳᠠᠭᠤᠷ ᠵᠣᠬᠢᠶᠠᠨ | ᠪᠠᠶᠢᠭᠤᠯᠵᠤ᠂ ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ ᠥᠪᠡᠷ ᠤᠨ ᠡᠷᠭᠢᠯᠡᠭᠰᠡᠨ ᠲᠥᠯᠥᠪᠦᠷᠢ ᠲᠠᠢ ᠪᠠᠷ | ᠬᠢᠴᠢᠶᠡᠯ ᠨᠥᠬᠦᠬᠦ ᠳᠤ ᠣᠷᠣᠯᠴᠠᠭᠤᠯᠬᠤ᠂ ᠡᠰᠡᠬᠦᠯ᠎ᠡ ᠪᠤᠰᠤᠳ ᠢ ᠲᠠᠨᠢᠯᠴᠠᠭᠤᠯᠵᠤ᠂ ᠵᠣᠬᠢᠶᠠᠨ ᠪᠠᠶᠢᠭᠤᠯᠵᠤ᠂ | ᠱᠠᠭᠠᠷᠳᠠᠵᠤ᠂ ᠥᠳᠥᠭᠡᠵᠦ᠂ ᠠᠯᠪᠠᠳᠠᠵᠤ ᠪᠠᠶᠢᠭᠠᠳ ᠪᠤᠰᠤᠳ ᠤᠨ ᠡᠷᠭᠢᠯᠡᠭᠰᠡᠨ ᠲᠥᠯᠥᠪᠦᠷᠢ ᠲᠠᠢ ᠪᠠᠷ ᠬᠢᠴᠢᠶᠡᠯ | ᠨᠥᠬᠦᠬᠦ ᠳᠤ ᠣᠷᠣᠯᠴᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠᠨ ᠬᠤᠶᠠᠷ︶ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ | ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠬᠤ ᠪᠤᠶᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠰᠤᠷᠤᠭᠴᠢ ᠶᠢᠨ ᠢᠷᠡᠯᠲᠡ ᠶᠢ ᠲᠠᠨᠢᠯᠴᠠᠭᠤᠯᠬᠤ᠂ ᠬᠠᠮᠢᠶ᠎ᠠ ᠪᠦᠬᠦᠢ ᠮᠡᠳᠡᠭᠡ | ᠵᠠᠩᠭᠢ ᠬᠠᠩᠭᠠᠵᠤ ᠠᠰᠢᠭ ᠲᠤᠰᠠ ᠣᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠᠨ | ᠭᠤᠷᠪᠠ︶ ᠵᠢᠭᠠᠨ ᠰᠤᠷᠭᠠᠬᠤ ᠰᠠᠬᠢᠯᠭ᠎ᠠ ᠪᠠᠲᠤ ᠠᠴᠠ ᠵᠥᠷᠢᠴᠡᠨ᠂ ᠵᠢᠭᠠᠨ ᠰᠤᠷᠭᠠᠬᠤ ᠶᠢ ᠬᠠᠰᠢ ᠶᠠᠰᠢ ᠪᠠᠷ | ᠥᠩᠭᠡᠷᠡᠭᠡᠬᠦ ᠪᠤᠶᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠤᠬᠠᠶᠢᠯᠠᠭᠰᠠᠨ ᠠᠵᠢᠯ ᠢ ᠨᠥᠯᠥᠭᠡᠯᠡᠬᠦ ᠲᠤᠰᠢᠶᠠᠯ | ᠬᠠᠪᠰᠤᠷᠭᠠᠬᠤ ᠴᠠᠯᠢᠩ ᠬᠠᠪᠰᠤᠷᠭᠠᠬᠤ ᠵᠡᠷᠭᠡ ᠦᠢᠯᠡ ᠠᠵᠢᠯᠯᠠᠭ᠎ᠠ ᠶᠢ ᠳᠤᠷ᠎ᠠ ᠪᠠᠷ ᠢᠶᠠᠨ ᠬᠢᠬᠦ ᠶᠢ ᠴᠢᠩᠭ᠎ᠠ | ᠴᠠᠭᠠᠵᠠᠯᠠᠨ᠎ᠠ᠃ ︵ᠠᠷᠪᠠᠨ ᠳᠥᠷᠪᠡ︶ ᠰᠣᠷᠣᠭᠴᠢ ᠵᠢᠴᠢ ᠬᠡᠷ ᠤᠨ ᠠᠬᠠᠮᠠᠳ ᠤᠨ ᠪᠡᠯᠡᠭᠯᠡᠭᠰᠡᠨ ᠪᠡᠯᠡᠭ ᠤᠨ ᠵᠣᠭᠤᠰ᠂ | ᠸᠢᠴᠠᠲ ᠤᠨ ᠤᠯᠠᠭᠠᠨ ᠪᠠᠭᠯᠠᠭ᠎ᠠ᠂ ᠦᠨᠡᠲᠦ ᠲᠡᠮᠳᠡᠭᠲᠦ᠂ ᠳᠥᠯᠥᠬᠦ ᠭᠡᠷᠡᠴᠢ ᠪᠠᠷᠢᠮᠲᠠ ᠵᠡᠷᠭᠡ ᠡᠳ᠋ ᠪᠣᠳᠠᠰ ᠠᠪᠬᠤ | ᠪᠤᠶᠤ ᠲᠣᠭᠲᠠᠭᠠᠯ ᠢ ᠵᠥᠷᠢᠴᠡᠨ ᠭᠥᠯᠢᠶᠡᠨ ᠠᠪᠬᠤ᠂ ᠡᠰᠡᠬᠦᠯ᠎ᠡ ᠰᠣᠷᠣᠭᠴᠢ ᠵᠢᠴᠢ ᠬᠡᠷ ᠤᠨ ᠠᠬᠠᠮᠠᠳ ᠢᠶᠠᠷ ᠪᠠᠭᠰᠢ | ᠲᠣᠰ ᠬᠥᠮᠦᠨ ᠪᠤᠶᠤ ᠲᠥᠷᠥᠯ ᠰᠠᠳᠤᠨ ᠨᠢ ᠡᠭᠦᠷᠭᠡᠯᠡᠬᠦ ᠶᠣᠰᠣᠲᠠᠶ ᠵᠠᠷᠤᠳᠠᠯ ᠢ ᠳᠥᠯᠥᠭᠦᠯᠬᠦ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠᠨ ᠲᠠᠪᠤ︶ ᠰᠤᠷᠤᠭᠴᠢ ᠵᠢᠴᠢ ᠭᠡᠷ ᠤᠨ ᠠᠬᠠᠮᠠᠳ ᠠᠴᠠ | ᠲᠣᠬᠢᠷᠠᠭᠤᠯᠤᠭᠰᠠᠨ ᠰᠤᠷᠤᠭᠴᠢ ᠶᠢᠨ ᠰᠢᠯᠭᠠᠯᠲᠠ ᠬᠢᠬᠦ᠂ ᠬᠢᠨᠠᠨ ᠰᠢᠯᠭᠠᠵᠤ ᠦᠨᠡᠯᠡᠬᠦ᠂ ᠰᠠᠭᠤᠳᠠᠯ ᠵᠢᠭᠰᠠᠭᠠᠬᠤ᠂ | ᠠᠩᠭᠢ ᠶᠢᠨ ᠺᠠᠳ᠋ᠷ ᠪᠣᠯᠬᠤ᠂ ᠰᠢᠯᠢᠳᠡᠭ ᠢ ᠰᠢᠯᠭᠠᠷᠠᠭᠤᠯᠤᠨ ᠱᠠᠩᠨᠠᠯ ᠣᠯᠭᠤᠬᠤ ᠵᠢᠴᠢ ᠪᠤᠰᠤᠳ ᠣᠨᠴᠣᠭᠤᠶ | ᠬᠠᠷᠠᠭᠠᠯᠵᠠᠯ ᠣᠯᠭᠤᠬᠤ ᠳᠠᠶᠢᠯᠠᠯᠭ᠎ᠠ ᠳᠤ ᠣᠷᠣᠯᠴᠠᠬᠤ ᠪᠤᠶᠤ ᠰᠤᠷᠤᠭᠴᠢ ᠵᠢᠴᠢ ᠭᠡᠷ ᠤᠨ ᠠᠬᠠᠮᠠᠳ ᠠᠴᠠ ᠵᠠᠷᠤᠳᠠᠯ | ᠥᠭᠬᠦ ᠶᠢ ᠲᠣᠬᠢᠷᠠᠭᠤᠯᠤᠭᠰᠠᠨ ᠵᠢᠭᠤᠯᠴᠢᠯᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠨᠠᠶᠢᠷ ᠨᠠᠭᠠᠳᠤᠮ ᠤᠨ | ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ︵ᠠᠷᠪᠠᠨ ᠵᠢᠷᠭᠤᠭ᠎ᠠ︶ ᠰᠤᠷᠤᠭᠴᠢ ᠶᠢᠨ ᠭᠡᠷ ᠤᠨ | ᠠᠬᠠᠮᠠᠳ ᠠᠴᠠ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠵᠤ᠂ ᠭᠡᠷ ᠤᠨ ᠠᠬᠠᠮᠠᠳ ᠤᠨ | ᠵᠥᠪᠯᠡᠯ ᠤᠨ ᠨᠡᠷ᠎ᠡ ᠪᠠᠷ ᠡᠯᠳᠡᠪ ᠨᠡᠷ᠎ᠡ ᠪᠠᠷ ᠰᠦᠢᠳᠬᠡᠯ ᠬᠤᠷᠢᠶᠠᠵᠤ ᠪᠣᠯᠬᠤ ᠦᠭᠡᠶ᠂ ᠰᠤᠷᠤᠭᠴᠢ ᠶᠢᠨ ᠭᠡᠷ ᠤᠨ | ᠠᠬᠠᠮᠠᠳ ᠢᠶᠠᠷ ᠵᠣᠭᠤᠰ ᠭᠠᠷᠭᠠᠯᠭᠠᠵᠤ ᠬᠢᠴᠢᠶᠡᠯ ᠤᠨ ᠭᠡᠷ ᠢᠶᠠᠨ ᠴᠢᠮᠡᠭᠯᠡᠭᠦᠯᠬᠦ᠂ ᠪᠠᠷᠠᠭ᠎ᠠ ᠬᠤᠳᠠᠯᠳᠤᠨ | ᠠᠪᠤᠭᠤᠯᠬᠤ ᠪᠠᠷ ᠱᠠᠭᠠᠷᠳᠠᠬᠤ ᠪᠤᠶᠤ ᠭᠡᠷ ᠤᠨ ᠠᠬᠠᠮᠠᠳ ᠤᠨ ᠬᠤᠷᠠᠯ᠂ ᠸᠢᠴᠠᠲ ᠤᠨ ᠴᠤᠭᠯᠠᠷᠠᠯ᠂ QQ | ᠴᠤᠭᠯᠠᠷᠠᠯ ᠢᠶᠠᠷ ᠳᠠᠮᠵᠢᠭᠤᠯᠤᠨ ᠰᠤᠷᠤᠭᠴᠢ ᠶᠢᠨ ᠭᠡᠷ ᠤᠨ ᠠᠬᠠᠮᠠᠳ ᠲᠤ ᠦᠢᠯᠡᠳᠬᠦᠨ ᠲᠠᠨᠢᠯᠴᠠᠭᠤᠯᠬᠤ ᠵᠡᠷᠭᠡ | ᠦᠢᠯᠡ ᠠᠵᠢᠯᠯᠠᠭ᠎ᠠ ᠬᠢᠵᠦ ᠪᠣᠯᠬᠤ ᠦᠭᠡᠶ᠃ ︵ᠠᠷᠪᠠᠨ ᠳᠣᠯᠤᠭ᠎ᠠ︶ ᠰᠤᠷᠤᠭᠴᠢᠳ ᠲᠤ ᠴᠢᠭᠯᠡᠭᠦᠯᠦᠭᠰᠡᠨ | ᠡᠵᠡᠩᠨᠡᠯᠲᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠣᠷᠣᠯᠴᠠᠬᠤ᠂ ᠡᠰᠡᠬᠦᠯ᠎ᠡ ᠰᠠᠶᠢᠨ ᠳᠤᠷ᠎ᠠ ᠶᠢᠨ ᠪᠠᠶᠢᠬᠤ | ᠵᠠᠷᠴᠢᠮ ᠢ ᠵᠥᠷᠢᠴᠡᠨ ᠰᠤᠷᠤᠭᠴᠢᠳ ᠢ ᠵᠣᠬᠢᠶᠠᠨ ᠪᠠᠶᠢᠭᠤᠯᠵᠤ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ | ᠵᠠᠬᠢᠶᠠᠯᠠᠭᠤᠯᠬᠤ ᠪᠤᠶᠤ ᠵᠢᠭᠠᠨ ᠲᠣᠭᠲᠠᠭᠠᠵᠤ ᠯᠠᠪᠯᠠᠯᠲᠠ ᠪᠣᠯᠭᠠᠬᠤ᠂ ᠳᠠᠯᠳᠠ ᠳᠣᠬᠢᠵᠤ ᠥᠳᠥᠭᠡᠨ ᠳᠠᠭᠠᠭᠤᠯᠬᠤ | ᠵᠡᠷᠭᠡ ᠠᠷᠭ᠎ᠠ ᠮᠠᠶ᠋ᠢᠭ ᠢᠶᠠᠷ ︽ᠨᠢᠭᠡ ᠬᠢᠴᠢᠶᠡᠯ ᠳᠤ ᠣᠯᠠᠨ ᠬᠠᠪᠰᠤᠷᠤᠮᠵᠢ ᠦᠵᠡᠭᠦᠯᠬᠦ︾᠂ ᠡᠰᠡᠬᠦᠯ᠎ᠡ | ᠰᠤᠷᠤᠭᠴᠢᠳ ᠲᠤ ᠨᠣᠮ ᠪᠢᠴᠢᠭ ᠰᠣᠨᠢᠨ ᠰᠡᠳᠬᠦᠯ᠂ ᠠᠮᠢᠳᠤᠷᠠᠯ ᠤᠨ ᠬᠡᠷᠡᠭᠰᠡᠯ᠂ ᠨᠡᠶᠢᠭᠡᠮ ᠤᠨ ᠳᠠᠭᠠᠳᠬᠠᠯ ᠵᠡᠷᠭᠡ | ᠬᠤᠳᠠᠯᠳᠤᠭᠠᠨ ᠤ ᠦᠢᠯᠡᠴᠢᠯᠡᠭᠡ ᠪᠣᠷᠣᠯᠠᠭᠤᠯᠬᠤ ᠵᠢᠴᠢ ᠪᠤᠰᠤᠳ ᠲᠤᠰᠢᠶᠠᠯ ᠤᠨ ᠳᠥᠭᠦᠮ ᠢᠶᠠᠨ ᠠᠰᠢᠭᠯᠠᠨ ᠵᠦᠶ | ᠶᠣᠰᠣᠨ ᠤ ᠪᠤᠰᠤ ᠠᠰᠢᠭ ᠲᠤᠰᠠ ᠣᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠᠨ | ᠨᠠᠢᠮᠠ︶ ᠰᠤᠷᠤᠭᠴᠢᠳ ᠤᠨ ᠬᠢᠷᠢ ᠪᠦᠲᠦᠮᠵᠢ ᠪᠠ ᠨᠡᠷᠡᠰ ᠤᠨ ᠵᠢᠭᠰᠠᠭᠠᠯᠲᠠ ᠶᠢ ᠶᠠᠮᠠᠷᠪᠠ ᠠᠷᠭ᠎ᠠ ᠮᠠᠶ᠋ᠢᠭ ᠢᠶᠠᠷ | ᠨᠡᠶᠢᠲᠡᠯᠡᠬᠦ᠂ ᠡᠰᠡᠬᠦᠯ᠎ᠡ ᠬᠢᠴᠢᠶᠡᠯ ᠤᠨ ᠪᠠᠷᠢᠮᠵᠢᠶ᠎ᠠ ᠠᠴᠠ ᠬᠡᠲᠦᠷᠡᠭᠦᠯᠦᠨ᠂ ᠭᠡᠷ ᠪᠦᠯᠢ ᠶᠢᠨ ᠳᠠᠰᠬᠠᠯ ᠢᠶᠠᠨ | ᠬᠡᠮᠵᠢᠶ᠎ᠡ ᠠᠴᠠ ᠬᠡᠲᠦᠷᠡᠭᠦᠯᠦᠨ ᠪᠠᠶᠢᠷᠢᠯᠠᠭᠤᠯᠬᠤ᠂ ᠡᠰᠡᠬᠦᠯ᠎ᠡ ᠳᠠᠪᠬᠤᠷᠳᠠᠭᠰᠠᠨ ᠴᠢᠨᠠᠷᠲᠠᠶ᠂ ᠶᠠᠯᠠᠯᠠᠨ ᠰᠢᠳᠬᠡᠬᠦ | ᠴᠢᠨᠠᠷᠲᠠᠶ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠪᠠᠭ᠎ᠠ ᠰᠤᠷᠭᠠᠭᠤᠯᠢ ᠶᠢᠨ ᠱᠠᠲᠤ ᠦᠶ᠎ᠡ ᠳᠤ ᠪᠠᠭ᠎ᠠ ᠰᠣᠨᠢᠨ᠂ | ᠬᠠᠷᠠᠭᠠᠨ ᠳᠠᠪᠲᠠᠮᠵᠢ ᠶᠢ ᠭᠡᠷ ᠪᠦᠯᠢ ᠶᠢᠨ ᠳᠠᠰᠬᠠᠯ ᠪᠣᠯᠭᠠᠨ ᠪᠠᠶᠢᠷᠢᠯᠠᠭᠤᠯᠬᠤ᠂ ᠡᠰᠡᠬᠦᠯ᠎ᠡ ᠰᠤᠷᠤᠭᠴᠢᠳ | ᠪᠡᠶᠡᠯᠡᠭᠦᠯᠵᠦ ᠳᠡᠶᠢᠯᠬᠦ ᠦᠭᠡᠶ᠂ ᠬᠡᠯᠪᠡᠷᠢ ᠳᠡᠭᠡᠷ᠎ᠡ ᠪᠠᠨ ᠰᠤᠷᠤᠭᠴᠢᠳ ᠲᠤ ᠲᠣᠬᠢᠷᠠᠭᠤᠯᠤᠭᠰᠠᠨ᠂ ᠦᠨᠡᠨ ᠳᠡᠭᠡᠨ | ᠭᠡᠷ ᠤᠨ ᠠᠬᠠᠮᠠᠳ ᠲᠤ ᠳᠠᠭᠠᠭᠠᠯᠭᠠᠭᠰᠠᠨ ᠳᠠᠰᠬᠠᠯ ᠪᠠᠶᠢᠷᠢᠯᠠᠭᠤᠯᠬᠤ᠂ ᠡᠰᠡᠬᠦᠯ᠎ᠡ ᠭᠡᠷ ᠤᠨ ᠠᠬᠠᠮᠠᠳ ᠢᠶᠠᠷ | ᠣᠷᠣᠯᠠᠭᠤᠯᠤᠨ ᠳᠠᠰᠬᠠᠯ ᠵᠠᠰᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︵ᠠᠷᠪᠠ ᠶᠢᠰᠦ︶ | ᠪᠠᠭᠰᠢ ᠰᠣᠷᠣᠭᠴᠢ ᠶᠢᠨ ᠪᠡᠶᠡᠯᠡᠭᠦᠯᠬᠦ ᠶᠣᠰᠣᠲᠠᠶ ᠡᠭᠦᠷᠭᠡ ᠶᠢ ᠬᠡᠷ ᠤᠨ ᠠᠬᠠᠮᠠᠳ ᠲᠤ ᠲᠣᠮᠢᠯᠠᠬᠤ ᠶᠢ ᠴᠢᠩᠭ᠎ᠠ | ᠴᠠᠭᠠᠵᠠᠯᠠᠨ᠎ᠠ᠂ ᠵᠢᠱᠢᠶᠡᠯᠡᠪᠡᠯ ᠬᠢᠴᠢᠶᠡᠯ ᠤᠨ ᠬᠡᠷ ᠤᠨ ᠠᠷᠢᠭᠤᠨ ᠴᠡᠪᠡᠷ ᠢ ᠴᠡᠪᠡᠷᠯᠡᠬᠦ᠂ ᠠᠩᠭᠢ ᠶᠢ ᠪᠠᠶᠢᠷᠢᠯᠠᠭᠤᠯᠬᠤ᠂ | ᠲᠣᠭᠯᠠᠯᠲᠠ ᠶᠢᠨ ᠲᠠᠯᠠᠪᠤᠷ ᠢ ᠴᠢᠮᠡᠭᠯᠡᠬᠦ ᠵᠡᠷᠭᠡ ᠡᠭᠦᠷᠭᠡ᠂ ᠡᠰᠡᠬᠦᠯ᠎ᠡ ᠬᠡᠷ ᠤᠨ ᠠᠬᠠᠮᠠᠳ ᠢᠶᠠᠷ ᠮᠠᠭᠲᠠᠭᠤᠯᠬᠤ᠂ | ᠪᠢᠯᠧᠲ ᠥᠭᠬᠦ᠂ ᠡᠯ᠎ᠡ ᠲᠥᠷᠥᠯ ᠤᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ ᠵᠡᠷᠭᠡ ᠦᠢᠯᠡ ᠠᠵᠢᠯᠯᠠᠭ᠎ᠠ᠃ | ︵ᠬᠤᠷᠢ︶ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠨ᠂ ᠨᠡᠶᠢᠭᠡᠮ ᠳᠤ ᠮᠠᠭᠤ ᠨᠥᠯᠥᠭᠡ ᠦᠵᠡᠭᠦᠯᠬᠦ | ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠭᠤᠷᠪᠠᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ | ᠳᠠᠮᠵᠢᠭᠤᠯᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ | ᠬᠠᠶᠢᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠰᠢᠭᠤᠳ ᠬᠠᠷᠢᠶ᠎ᠠ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ | ᠮᠡᠳᠡᠭᠦᠯᠬᠦ ᠤᠲᠠᠰᠤ᠂ ᠰᠤᠷᠭᠠᠭᠤᠯᠢ ᠶᠢᠨ ᠵᠠᠬᠢᠷᠤᠯ ᠤᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ | ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠭᠤᠴᠢᠯᠠᠭᠤᠷ ᠢᠶᠠᠷ ᠳᠠᠮᠵᠢᠭᠤᠯᠤᠨ | ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ ᠵᠠᠬᠢᠳᠠᠯ ᠤᠨ ᠬᠠᠶᠢᠷᠴᠠᠭ ᠢ | ᠨᠡᠶᠢᠭᠡᠮ ᠳᠤ ᠨᠡᠶᠢᠲᠡᠯᠡᠬᠦ ᠬᠡᠷᠡᠭᠲᠡᠶ᠂ ᠬᠠᠷᠢᠶ᠎ᠠ ᠣᠷᠣᠨ ᠤ ᠰᠤᠷᠭᠠᠭᠤᠯᠢ ᠶᠢᠨ ᠵᠠᠭᠠᠯᠳᠤᠵᠤ ᠢᠯᠡᠴᠢᠯᠡᠨ ᠮᠡᠳᠡᠭᠦᠯᠬᠦ | ᠤᠲᠠᠰᠤ᠂ ᠰᠤᠷᠭᠠᠭᠤᠯᠢ ᠶᠢᠨ ᠵᠠᠬᠢᠷᠤᠯ ᠤᠨ ᠵᠠᠭᠠᠯᠳᠤᠬᠤ ᠵᠠᠬᠢᠳᠠᠯ ᠤᠨ ᠬᠠᠶᠢᠷᠴᠠᠭ ᠢ ᠨᠡᠶᠢᠲᠡᠯᠡᠨ᠎ᠡ᠃ | ᠰᠤᠷᠭᠠᠭᠤᠯᠢ ᠨᠤᠭᠤᠳ ᠰᠤᠷᠭᠠᠭᠤᠯᠢ ᠶᠢᠨ ᠡᠭᠦᠳᠡᠨ ᠤ ᠢᠯᠡ ᠲᠣᠳᠤ ᠭᠠᠵᠠᠷ ᠰᠤᠷᠭᠠᠭᠤᠯᠢ ᠪᠣᠯᠤᠨ ᠬᠤᠲᠠ᠂ | ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠠᠭᠠᠯᠳᠤᠵᠤ | ᠢᠯᠡᠴᠢᠯᠡᠨ ᠮᠡᠳᠡᠭᠦᠯᠬᠦ ᠤᠲᠠᠰᠤ ᠪᠣᠯᠤᠨ ᠰᠤᠷᠭᠠᠭᠤᠯᠢ ᠶᠢᠨ ᠵᠠᠬᠢᠷᠤᠯ᠂ ᠲᠣᠪᠴᠢᠶᠠᠨ ᠳᠠᠷᠤᠭ᠎ᠠ ᠶᠢᠨ ᠵᠠᠭᠠᠯᠳᠤᠬᠤ | ᠵᠠᠬᠢᠳᠠᠯ ᠤᠨ ᠬᠠᠶᠢᠷᠴᠠᠭ ᠢ ᠢᠯᠡ ᠨᠡᠶᠢᠲᠡᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ | ᠨᠡᠪᠲᠡᠷᠡᠭᠦᠯᠦᠨ᠂ ᠰᠤᠷᠤᠭᠴᠢ᠂ ᠭᠡᠷ ᠤᠨ ᠠᠬᠠᠮᠠᠳ ᠪᠣᠯᠤᠨ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠳᠥᠷᠪᠡᠳᠦᠭᠡᠷ ᠵᠦᠢᠯ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ︽ᠵᠠᠭᠠᠯᠳᠤᠭᠰᠠᠨ ᠪᠠᠶᠢᠪᠠᠯ ᠵᠠᠪᠠᠯ ᠪᠠᠶᠢᠴᠠᠭᠠᠬᠤ᠂ ᠲᠦᠷᠭᠡᠨ ᠲᠤᠰᠬᠠᠯ ᠭᠠᠷᠬᠤ᠂ | ᠳᠠᠷᠤᠶ ᠪᠠᠶᠢᠴᠠᠭᠠᠬᠤ ᠳᠠᠷᠤᠢ ᠵᠠᠯᠠᠷᠠᠭᠤᠯᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠨᠢᠭᠡ ᠶᠢ ᠪᠠᠶᠢᠴᠠᠭᠠᠨ | ᠰᠢᠢᠳᠪᠦᠷᠢᠯᠡᠪᠡᠯ ᠨᠢᠭᠡ ᠶᠢ ᠨᠡᠶᠢᠲᠡ ᠳᠤ ᠵᠠᠷᠯᠠᠬᠤ︾ ᠵᠠᠷᠴᠢᠮ ᠶᠣᠰᠣᠭᠠᠷ᠂ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠠᠶᠢᠴᠠᠭᠠᠨ ᠰᠢᠢᠳᠪᠦᠷᠢᠯᠡᠵᠦ᠂ | ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠵᠠᠭᠠᠯᠳᠤᠭᠰᠠᠨ ᠬᠥᠮᠦᠨ ᠳᠤ ᠴᠠᠭ ᠲᠤᠬᠠᠶ ᠳᠤᠨᠢ ᠬᠠᠷᠢᠭᠤ | ᠲᠤᠰᠬᠠᠬᠤ ᠶᠢᠨ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ ︽ᠬᠠᠷᠢᠶ᠎ᠠ ᠣᠷᠣᠨ ᠳᠤᠨᠢ | ᠬᠠᠮᠢᠶᠠᠷᠤᠭᠤᠯᠬᠤ︾ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠨᠠᠶᠢᠳᠠᠪᠤᠷᠢᠵᠢᠭᠤᠯᠵᠤ᠂ | ᠰᠤᠷᠭᠠᠭᠤᠯᠢ ᠨᠢ ᠲᠣᠰ ᠰᠤᠷᠭᠠᠭᠤᠯᠢ ᠶᠢᠨ ᠢᠶᠠᠨ ᠪᠠᠭᠰᠢ ᠶᠢᠨ ᠶᠣᠰᠣ ᠮᠣᠷᠠᠯ ᠤᠨ ᠬᠥᠮᠦᠵᠢᠯ᠂ ᠬᠢᠨᠠᠯᠲᠠ | ᠬᠠᠮᠢᠶᠠᠷᠤᠯᠲᠠ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠷᠢᠶ᠎ᠠ ᠣᠷᠣᠨ ᠤ ᠪᠠᠨ | ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ | ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠰᠢᠭᠤᠳ ᠬᠠᠷᠢᠶ᠎ᠠ ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ | ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠬᠠᠷᠢᠭᠤᠴᠠᠵᠤ᠂ ᠬᠤᠲᠠ ᠶᠢᠨ ᠱᠠᠲᠤᠨ ᠤ ᠭᠥᠯᠢᠶᠡᠨ ᠠᠪᠤᠭᠰᠠᠨ ᠪᠠ | ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠰᠡᠨ ᠬᠤᠰᠢᠭᠤ ᠰᠢᠶᠠᠨ ᠲᠣᠭᠤᠷᠢᠭ ᠤᠨ ᠬᠠᠷᠢᠶ᠎ᠠ | ᠰᠤᠷᠭᠠᠭᠤᠯᠢ ᠶᠢᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ ᠭᠥᠯᠢᠶᠡᠨ ᠠᠪᠴᠤ | ᠰᠢᠢᠳᠪᠦᠷᠢᠯᠡᠭᠦᠯᠬᠦ ᠶᠢᠨ ᠬᠠᠮᠲᠤ ᠮᠥᠷᠳᠡᠨ ᠰᠢᠪᠠᠳᠠᠨ ᠰᠢᠢᠳᠪᠦᠷᠢᠭᠦᠯᠦᠨᠡ᠃ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠪᠤᠶᠤ ᠨᠡᠶᠢᠭᠡᠮ ᠳᠤ ᠮᠠᠭᠤ ᠨᠥᠯᠥᠭᠡ | ᠭᠠᠷᠭᠠᠭᠰᠠᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠢ ᠲᠠᠰ ᠳᠡᠪᠰᠢᠭᠦᠯᠦᠨ | ᠰᠢᠢᠳᠪᠦᠷᠢᠯᠡᠨ᠎ᠡ᠃ ᠵᠠᠷᠴᠢᠮ ᠳᠡᠭᠡᠷ᠎ᠡ ᠪᠠᠨ ᠪᠤᠶ ᠪᠦᠬᠦᠢ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ 15 ᠠᠵᠢᠯᠯᠠᠬᠤ ᠡᠳᠦᠷ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ᠃ ᠲᠠᠪᠤᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ | ᠶᠣᠰᠣ ᠮᠣᠷᠠᠯ ᠤᠨ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠳᠣᠲᠣᠯᠠᠪᠠᠯ᠂ ᠵᠠᠷᠯᠢᠭᠳᠠᠨ | ᠵᠠᠯᠠᠷᠠᠭᠤᠯᠬᠤ ᠠᠴᠠ ᠭᠠᠳᠠᠨ᠎ᠠ᠂ ᠳᠣᠤᠷ᠎ᠠ ᠵᠢᠭᠰᠠᠭᠠᠭᠰᠠᠨ ᠰᠢᠳᠬᠡᠯ ᠥᠭᠭᠦᠨ᠎ᠡ᠄ ︵ᠨᠢᠭᠡ︶ ᠪᠠᠭᠰᠢ ᠶᠢᠨ ᠶᠣᠰᠣ | ᠮᠣᠷᠠᠯ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ | ᠂ ᠰᠢᠭᠦᠮᠵᠢᠯᠡᠨ ᠰᠤᠷᠭᠠᠬᠤ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠠᠷᠯᠢᠭᠳᠠᠨ ᠪᠠᠶᠢᠴᠠᠭᠠᠬᠤ᠂ | ᠨᠡᠪᠲᠡᠷᠡᠭᠦᠯᠦᠨ ᠰᠢᠭᠦᠮᠵᠢᠯᠡᠬᠦ ᠵᠡᠷᠭᠡ ᠰᠢᠢᠳᠪᠦᠷᠢᠯᠡᠯᠲᠡ ᠥᠭᠭᠦᠨ᠎ᠡ᠃ ︵ᠬᠤᠶᠠᠷ︶ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠦᠨᠳᠦ ᠨᠣᠴᠢᠲᠠᠶ ᠪᠣᠯ | ᠰᠡᠷᠡᠮᠵᠢ ᠥᠭᠬᠦ ︵ᠰᠢᠳᠬᠡᠯ ᠣᠯᠭᠤᠬᠤ ᠬᠤᠭᠤᠴᠠᠭ᠎ᠠ ᠨᠢ 6 ᠰᠠᠷ᠎ᠠ︶᠂ ᠣᠰᠣᠯ ᠲᠡᠮᠳᠡᠭᠯᠡᠬᠦ ︵ᠰᠢᠳᠬᠡᠯ ᠣᠯᠭᠤᠬᠤ | ᠬᠤᠭᠤᠴᠠᠭ᠎ᠠ ᠨᠢ 12 ᠰᠠᠷ᠎ᠠ︶᠂ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ | ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠰᠢᠳᠬᠡᠯ ︵ᠰᠢᠳᠬᠡᠯ ᠣᠯᠭᠤᠬᠤ ᠬᠤᠭᠤᠴᠠᠭ᠎ᠠ ᠨᠢ 24 ᠰᠠᠷ᠎ᠠ︶ | ᠣᠯᠭᠤᠨ᠎ᠠ᠃ ᠳᠣᠩᠭᠤᠳᠬᠤ ᠰᠢᠳᠬᠡᠯ ᠥᠭᠭᠦᠭᠰᠡᠨ ᠪᠠᠶᠢᠪᠠᠯ᠂ ᠰᠢᠳᠬᠡᠯ ᠥᠭᠬᠦ ᠲᠣᠭᠲᠠᠭᠠᠯ ᠭᠠᠷᠭᠠᠭᠰᠠᠨ ᠲᠤᠰ | ᠵᠢᠯ ᠳᠤ ᠣᠨ ᠤ ᠬᠢᠨᠠᠨ ᠰᠢᠯᠭᠠᠯᠲᠠ ᠳᠤ ᠰᠢᠯᠢᠳᠡᠭ ᠲᠡᠰ ᠢᠶᠠᠷ ᠲᠣᠭᠲᠠᠭᠠᠵᠤ ᠪᠣᠯᠬᠤ ᠦᠭᠡᠢ᠂ ᠰᠢᠳᠬᠡᠯ ᠣᠯᠤᠭᠰᠠᠨ | ᠬᠤᠭᠤᠴᠠᠭᠠᠨ ᠳᠤ᠂ ᠣᠲᠣ ᠶᠢᠨ ᠤᠷᠢᠵᠤ ᠬᠡᠷᠡᠭᠯᠡᠭᠰᠡᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ | ᠠᠵᠢᠯ ᠤᠨ ᠪᠠᠶᠢᠷᠢ ᠳᠤ ᠤᠷᠢᠵᠤ ᠬᠡᠷᠡᠭᠯᠡᠵᠦ ᠪᠣᠯᠬᠤ ᠥᠬᠡᠶ᠃ ᠣᠰᠣᠯ ᠲᠡᠮᠳᠡᠭᠯᠡᠬᠦ ᠰᠢᠳᠬᠡᠯ ᠥᠭᠭᠦᠭᠰᠡᠨ ᠪᠣᠯ | ᠰᠢᠳᠬᠡᠬᠦ ᠲᠣᠭᠲᠠᠭᠠᠯ ᠭᠠᠷᠭᠠᠭᠰᠠᠨ ᠲᠤᠰ ᠵᠢᠯ ᠳᠤᠨᠢ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ | ᠣᠯᠭᠤᠵᠤ ᠪᠣᠯᠬᠤ ᠦᠭᠡᠶ︔ ᠰᠢᠳᠬᠡᠯ ᠣᠯᠤᠭᠰᠠᠨ ᠬᠤᠭᠤᠴᠠᠭᠠᠨ ᠳᠤ ᠰᠢᠳᠬᠡᠯ ᠣᠯᠤᠭᠰᠠᠨ ᠤ ᠲᠠᠷᠠᠭ᠎ᠠ | ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ ᠪᠠᠶᠢᠷᠢ ᠳᠤ ᠤᠷᠢᠨ ᠬᠡᠷᠡᠭᠯᠡᠵᠦ | ᠪᠣᠯᠬᠤ ᠦᠭᠡᠢ᠂ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠠᠴᠠ ᠳᠡᠭᠡᠭᠰᠢ ᠵᠡᠷᠭᠡ ᠳᠡᠰ ᠢᠶᠠᠷ ᠲᠣᠭᠲᠠᠭᠠᠵᠤ | ᠪᠣᠯᠬᠤ ᠦᠭᠡᠢ᠂ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠤᠨ ᠬᠢᠨᠠᠨ ᠲᠣᠭᠲᠠᠭᠠᠯᠲᠠ ᠳᠤ | ᠣᠷᠣᠯᠴᠠᠵᠤ ᠪᠣᠯᠬᠤ ᠦᠭᠡᠢ᠃ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ | ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ ᠥᠭᠭᠦᠭᠰᠡᠨ ᠪᠣᠯ᠂ ᠰᠢᠳᠬᠡᠬᠦ ᠲᠣᠭᠲᠠᠭᠠᠯ ᠭᠠᠷᠭᠠᠭᠰᠠᠨ ᠲᠣᠰ | ᠵᠢᠯ ᠳᠤ ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠵᠤ ᠪᠣᠯᠬᠤ ᠥᠬᠡᠶ᠂ | ᠰᠢᠳᠬᠡᠯ ᠣᠯᠤᠭᠰᠠᠨ ᠬᠤᠭᠤᠴᠠᠭᠠᠨ ᠳᠤ ᠴᠠᠯᠢᠩ ᠤᠨ ᠲᠠᠰ ᠢ ᠬᠡᠪ ᠤᠨ ᠶᠣᠰᠣᠭᠠᠷ ᠳᠡᠪᠰᠢᠭᠦᠯᠵᠦ ᠪᠣᠯᠬᠤ ᠥᠬᠡᠶ᠂ | ᠰᠢᠳᠬᠡᠯ ᠣᠯᠤᠭᠰᠠᠨ ᠤ ᠳᠠᠷᠠᠭ᠎ᠠ ᠤᠷᠢᠭᠳᠠᠭᠰᠠᠨ ᠠᠵᠢᠯ ᠤᠨ ᠪᠠᠶᠢᠷᠢ ᠶᠢᠨ ᠵᠡᠷᠭᠡ ᠳᠡᠰ ᠠᠴᠠ ᠥᠨᠳᠥᠷ ᠠᠵᠢᠯ ᠤᠨ | ᠪᠠᠶᠢᠷᠢ ᠳᠤ ᠤᠷᠢᠵᠤ ᠬᠡᠷᠡᠭᠯᠡᠵᠦ ᠪᠣᠯᠬᠤ ᠥᠬᠡᠶ᠂ ᠣᠨ ᠤ ᠬᠢᠨᠠᠨ ᠰᠢᠯᠭᠠᠯᠲᠠ ᠳᠤ ᠦᠨᠳᠦᠰᠦᠨ ᠳᠡᠭᠡᠨ ᠬᠢᠷᠢ | ᠲᠡᠩᠴᠡᠭᠰᠡᠨ ᠠᠴᠠ ᠳᠡᠭᠡᠭᠰᠢ ᠲᠠᠰ ᠢᠶᠠᠷ ᠲᠣᠭᠲᠠᠭᠠᠵᠤ ᠪᠣᠯᠬᠤ ᠥᠬᠡᠶ᠂ ᠲᠤᠰᠬᠠᠶ ᠮᠡᠷᠭᠡᠵᠢᠯ ᠤᠨ ᠲᠤᠰᠢᠶᠠᠯ | ᠡᠭᠦᠷᠭᠡᠯᠡᠬᠦ ᠬᠢᠷᠢ ᠬᠡᠮ ᠤᠨ ᠬᠢᠨᠠᠨ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠥᠬᠡᠶ᠂ ᠲᠡᠷᠢᠭᠦᠨ ᠤ ᠪᠠ | ᠰᠢᠯᠢᠳᠡᠭ ᠢ ᠰᠢᠯᠭᠠᠷᠠᠭᠤᠯᠵᠤ ᠪᠣᠯᠬᠤ ᠥᠬᠡᠶ᠂ ᠠᠳᠠᠯᠢ ᠱᠠᠲᠤᠨ ᠤ ᠵᠠᠰᠠᠭ ᠵᠠᠬᠢᠷᠭᠠᠨ ᠤ ᠲᠤᠰᠢᠶᠠᠯ ᠳᠤ ᠳᠡᠪᠰᠢᠭᠦᠯᠦᠨ | ᠬᠡᠷᠡᠭᠯᠡᠵᠦ ᠪᠣᠯᠬᠤ ᠥᠬᠡᠶ᠂ ᠵᠢᠷᠤᠮ ᠶᠣᠰᠣᠭᠠᠷ ᠰᠠᠶᠢᠰᠢᠶᠠᠨ ᠬᠥᠬᠢᠭᠦᠯᠬᠦ ᠰᠠᠯᠠᠭ᠎ᠠ ᠮᠥᠴᠢᠷ ᠲᠤ ᠳᠡᠪᠰᠢᠭᠦᠯᠦᠨ | ᠮᠡᠳᠡᠭᠦᠯᠵᠦ ᠨᠢᠭᠡᠨᠲᠡ ᠣᠯᠤᠭᠰᠠᠨ ᠢᠷᠠᠭᠤ ᠠᠯᠳᠠᠷ ᠤᠨ ᠴᠣᠯᠠ ᠶᠢ ᠨᠢ ᠬᠦᠴᠦᠨ ᠥᠬᠡᠶ ᠪᠣᠯᠭᠠᠨ᠎ᠠ︔ | ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠢ ᠨᠢ ᠦᠵᠡᠵᠦ᠂ ᠤᠤᠯ ᠤᠨ ᠠᠵᠢᠯ ᠤᠨ ᠪᠠᠶᠢᠷᠢ ᠪᠤᠶᠤ | ᠠᠵᠢᠯᠯᠠᠬᠤ ᠨᠢᠭᠡᠴᠡ ᠠᠴᠠ ᠨᠢ ᠰᠢᠯᠵᠢᠭᠦᠯᠦᠨ᠎ᠡ᠃ ︵ᠭᠤᠷᠪᠠ︶ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠮᠠᠭᠤ ᠪᠠᠶᠢᠪᠠᠯ᠂ | ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠵᠠᠷᠯᠢᠭ 652 ᠳ᠋ᠤᠭᠠᠷ ᠲᠣᠭᠠᠲᠤ︶᠂ ︽ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠳᠤ ᠰᠢᠳᠬᠡᠯ ᠥᠭᠬᠦ ᠲᠦᠷ ᠬᠡᠷᠡᠭᠵᠢᠭᠦᠯᠬᠦ ᠲᠣᠭᠲᠠᠭᠠᠯ︾ ︵ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠢᠨᠠᠨ ᠪᠠᠶᠢᠴᠠᠭᠠᠬᠤ ᠲᠠᠰᠤᠭ ᠤᠨ 2012 ᠣᠨ ᠤ 18 ᠳ᠋ᠤᠭᠠᠷ ᠲᠣᠭᠠᠲᠤ | ᠵᠠᠷᠯᠢᠭ︶ ᠶᠣᠰᠣᠭᠠᠷ᠂ ᠣᠷᠣᠨ ᠲᠤᠭ᠎ᠠ ᠳᠤ ᠪᠠᠶᠢᠭ᠎ᠠ ᠪᠠᠭᠰᠢ ᠪᠣᠯ ᠠᠵᠢᠯ ᠠᠴᠠ ᠨᠢ ᠬᠥᠭᠡᠭᠡᠬᠦ ᠰᠢᠳᠬᠡᠯ ᠣᠯᠭᠤᠵᠤ᠂ | ᠣᠷᠣᠨ ᠲᠤᠭ᠎ᠠ ᠳᠤ ᠦᠭᠡᠶ ᠪᠠᠭᠰᠢ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠨ᠎ᠠ᠃ ︵ᠳᠥᠷᠪᠡ︶ | ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠳᠤ | ᠬᠠᠯᠳᠠᠭᠰᠠᠨ ᠪᠠᠶᠢᠪᠠᠯ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ | ᠬᠠᠤᠯᠢ ᠶᠣᠰᠣᠭᠠᠷ ᠰᠢᠢᠳᠪᠦᠷᠢᠯᠡᠨ᠎ᠡ᠃ ︵ᠲᠠᠪᠤ︶ ᠪᠠᠭᠰᠢ ᠰᠢᠳᠬᠡᠯ ᠣᠯᠤᠭᠰᠠᠨ᠂ ︽ᠪᠠᠭᠰᠢ ᠶᠢᠨ ᠬᠢᠷᠢ ᠬᠡᠮ ᠤᠨ | ᠳᠦᠷᠢᠮ︾ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠳᠤ ᠨᠡᠶᠢᠴᠡᠪᠡᠯ᠂ ᠪᠠᠭᠰᠢ ᠶᠢᠨ ᠬᠢᠷᠢ ᠬᠡᠮ ᠢ ᠨᠢ | ᠬᠠᠰᠤᠵᠤ᠂ ᠬᠠᠰᠤᠭᠰᠠᠨ ᠡᠳᠦᠷ ᠠᠴᠠ ᠡᠬᠢᠯᠡᠨ 5 ᠵᠢᠯ ᠤᠨ ᠳᠣᠲᠣᠷ᠎ᠠ ᠪᠠᠭᠰᠢ ᠶᠢᠨ ᠬᠢᠷᠢ ᠬᠡᠮ ᠢ ᠦᠨᠡᠯᠡᠨ | ᠲᠣᠭᠲᠠᠭᠠᠬᠤ ᠪᠠᠷ ᠳᠠᠬᠢᠨ ᠭᠤᠶᠤᠴᠢᠯᠠᠵᠤ ᠪᠣᠯᠬᠤ ᠦᠭᠡᠶ᠂ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠳᠤ ᠬᠠᠯᠳᠠᠵᠤ᠂ ᠬᠤᠭᠤᠴᠠᠭ᠎ᠠ ᠲᠠᠢ ᠬᠤᠷᠢᠬᠤ ᠠᠴᠠ | ᠳᠡᠭᠡᠭᠰᠢ ᠡᠷᠡᠭᠦᠦ ᠶᠢᠨ ᠰᠢᠳᠬᠡᠯ ᠣᠯᠤᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠭᠰᠢ ᠶᠢᠨ ᠬᠠᠤᠯᠢ︾ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠪᠠᠭᠰᠢ ᠶᠢᠨ ᠬᠢᠷᠢ | ᠬᠡᠮ ᠢᠶᠠᠨ ᠠᠯᠳᠠᠵᠤ᠂ ᠪᠠᠭᠰᠢ ᠶᠢᠨ ᠬᠢᠷᠢ ᠬᠡᠮ ᠢ ᠳᠠᠭᠢᠵᠤ ᠣᠯᠵᠤ ᠪᠣᠯᠬᠤ ᠥᠬᠡᠶ᠃ ︵ᠵᠢᠷᠭᠤᠭ᠎ᠠ︶ ᠳᠣᠩᠭᠤᠳᠬᠤ | ᠪᠠ ᠲᠡᠭᠦᠨ ᠠᠴᠠ ᠳᠡᠭᠡᠭᠰᠢ ᠰᠢᠳᠬᠡᠯ ᠥᠭᠭᠦᠭᠰᠡᠨ ᠪᠠᠭᠰᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ ᠪᠠᠶᠢᠪᠠᠯ᠂ ᠬᠠᠮᠲᠤ ᠳᠤᠨᠢ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠭᠦᠨ᠎ᠡ᠃ ︵ᠳᠣᠯᠤᠭ᠎ᠠ︶ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠬᠦᠨᠳᠦ ᠪᠠᠷ ᠰᠢᠢᠳᠬᠡᠨ᠎ᠡ᠄ 1. ᠣᠪᠣᠷ ᠨᠢ ᠮᠠᠭᠤ᠂ ᠪᠠᠶᠢᠴᠠᠭᠠᠯᠲᠠ ᠳᠤ | ᠬᠠᠮᠵᠢᠯᠴᠠᠬᠤ ᠶᠢ ᠲᠡᠪᠴᠢᠭᠰᠡᠨ᠃ 2. ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ | ᠬᠠᠭᠤᠷᠮᠠᠭᠯᠠᠨ ᠵᠣᠬᠢᠶᠠᠭᠰᠠᠨ᠂ ᠤᠰᠠᠳᠬᠠᠭᠰᠠᠨ᠃ 3. ᠢᠯᠡᠴᠢᠯᠡᠭᠴᠢ ᠪᠠ ᠬᠡᠷᠡᠭ ᠰᠢᠳᠬᠡᠭᠴᠢ ᠳᠤ ᠴᠣᠬᠢᠯᠲᠠ | ᠥᠭᠴᠦ ᠬᠠᠷᠢᠭᠤ ᠠᠪᠤᠭᠰᠠᠨ᠃ 4. ᠲᠤᠰ ᠠᠷᠭ᠎ᠠ ᠶᠢᠨ ᠬᠤᠶᠠᠳᠤᠭᠠᠷ ᠵᠦᠢᠯ ᠳᠠᠬᠢ ᠲᠣᠭᠲᠠᠭᠠᠯ ᠠᠴᠠ ᠵᠥᠷᠢᠴᠡᠭᠰᠡᠨ | ᠬᠤᠶᠠᠷ ᠵᠦᠢᠯ ᠠᠴᠠ ᠳᠡᠭᠡᠭᠰᠢ ᠦᠢᠯᠡ ᠠᠵᠢᠯᠯᠠᠭ᠎ᠠ ᠶᠢ ᠬᠠᠮᠲᠤ ᠳᠤᠨᠢ ᠬᠢᠭᠰᠡᠨ᠃ 5. ᠰᠢᠨᠵᠢ ᠴᠢᠨᠠᠷ ᠨᠢ ᠲᠦᠢᠯ ᠤᠨ | ᠬᠦᠨᠳᠦ ᠨᠣᠴᠢᠲᠠᠢ ᠪᠥᠭᠡᠳ ᠮᠠᠭᠤ ᠨᠥᠯᠥᠭᠡ ᠭᠠᠷᠭᠠᠭᠰᠠᠨ᠃ ︵ᠨᠠᠢᠮᠠ︶ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ ᠬᠥᠩᠭᠡᠨ ᠢᠶᠠᠷ ᠰᠢᠢᠳᠬᠡᠨ᠎ᠡ᠄ 1. ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢᠶᠠᠨ | ᠰᠠᠨᠠᠭᠠᠴᠢᠯᠠᠭ᠎ᠠ ᠠᠴᠠ ᠪᠠᠨ ᠲᠤᠰᠢᠶᠠᠵᠤ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠯᠲᠠ ᠬᠢᠬᠦ ᠳᠤ ᠢᠳᠡᠪᠬᠢᠲᠡᠶ | ᠬᠠᠮᠵᠢᠯᠴᠠᠭᠰᠠᠨ᠃ 2. ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠨᠡᠶᠢᠭᠡᠮ ᠤᠨ ᠨᠥᠯᠥᠭᠡ ᠠᠴᠠ | ᠪᠦᠲᠦᠮᠵᠢᠲᠡᠢ ᠪᠠᠷ ᠵᠠᠶᠢᠯᠠᠰᠬᠢᠭᠰᠡᠨ ᠪᠤᠶᠤ ᠲᠡᠭᠦᠨ ᠢ ᠬᠥᠩᠭᠡᠷᠡᠭᠦᠯᠦᠭᠰᠡᠨ᠃ ᠵᠢᠷᠭᠤᠳᠤᠭᠠᠷ ᠵᠦᠢᠯ ᠪᠠᠭᠰᠢ ᠶᠢᠨ ᠶᠣᠰᠣ | ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠮᠡᠳᠡᠯ ᠪᠠ ᠳᠡᠰ | ᠳᠠᠷᠠᠭᠠᠯᠠᠯ ᠤᠨ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠤᠨ᠎ᠠ᠃ ︵ᠨᠢᠭᠡ︶ ᠡᠩ ᠤᠨ ᠪᠠᠭᠰᠢ᠂ | ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠢ ᠰᠢᠭᠦᠮᠵᠢᠯᠡᠨ ᠬᠥᠮᠦᠵᠢᠭᠦᠯᠬᠦ᠂ ᠰᠡᠷᠡᠮᠵᠢᠯᠡᠭᠦᠯᠦᠨ ᠢᠳᠬᠠᠬᠤ | ᠶᠠᠷᠢᠯᠴᠠᠭ᠎ᠠ ᠬᠢᠬᠦ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠶᠢ ᠪᠠᠭᠰᠢ ᠶᠢᠨ ᠪᠠᠶᠢᠭ᠎ᠠ ᠰᠤᠷᠭᠠᠭᠤᠯᠢ ᠶᠢᠨ | ᠪᠠᠭ ᠠᠴᠠ ᠬᠡᠷᠡᠭᠵᠢᠭᠦᠯᠦᠨ᠎ᠡ᠂ ᠰᠤᠷᠭᠠᠭᠤᠯᠢ ᠶᠢᠨ ᠱᠠᠲᠤᠨ ᠤ ᠤᠳᠤᠷᠢᠳᠬᠤ ᠺᠠᠳ᠋ᠷ ᠢ ᠰᠢᠭᠦᠮᠵᠢᠯᠡᠨ ᠰᠤᠷᠭᠠᠬᠤ᠂ | ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠶᠢ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠪᠠᠭ ᠠᠴᠠ | ᠬᠡᠷᠡᠭᠵᠢᠭᠦᠯᠦᠨ᠎ᠡ᠃ ︵ᠬᠤᠶᠠᠷ︶ ᠰᠡᠷᠡᠮᠵᠢᠯᠡᠭᠦᠯᠬᠦ ᠪᠠ ᠣᠰᠣᠯ ᠲᠡᠮᠳᠡᠭᠯᠡᠬᠦ ᠰᠢᠳᠬᠡᠯ᠂ ᠠᠯᠪᠠᠨ ᠠᠴᠠ ᠡᠷᠭᠢᠯᠡᠭᠰᠡᠨ | ᠰᠤᠷᠭᠠᠭᠤᠯᠢ ᠶᠢᠨ ᠪᠠᠭᠰᠢ ᠪᠣᠯ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ ᠬᠥᠮᠦᠵᠢᠯ ᠤᠨ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ ᠲᠣᠭᠲᠠᠭᠠᠯ | ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ | ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ︵ᠭᠤᠷᠪᠠ︶ | ᠠᠵᠢᠯ ᠤᠨ ᠪᠠᠶᠢᠷᠢ ᠶᠢᠨ ᠵᠡᠷᠭᠡ ᠳᠡᠰ ᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ ᠰᠢᠳᠬᠡᠯ | ᠣᠯᠭᠤᠵᠤ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠪᠠᠭᠰᠢ ᠨᠢ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ | ᠳᠤᠷᠠᠳᠴᠤ᠂ ᠰᠤᠷᠭᠠᠨ ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ | ᠳᠤᠭᠤᠶᠢᠯᠠᠩ ᠰᠢᠢᠳᠪᠦᠷᠢᠯᠡᠬᠦ ᠲᠣᠭᠲᠠᠭᠠᠯ ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ | ᠰᠤᠷᠭᠠᠭᠤᠯᠢ ᠠᠴᠠ ᠨᠢ ᠲᠣᠭᠲᠠᠭᠠᠵᠤ᠂ ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠳᠠᠩᠰᠠᠯᠠᠭᠤᠯᠤᠨ᠎ᠠ᠃ ︵ᠳᠥᠷᠪᠡ︶ ᠰᠤᠷᠭᠠᠭᠤᠯᠢ ᠠᠴᠠ ᠬᠥᠭᠡᠭᠡᠬᠦ ᠰᠢᠳᠬᠡᠯ᠂ ᠠᠯᠪᠠᠨ ᠠᠴᠠ | ᠡᠷᠭᠢᠯᠡᠭᠰᠡᠨ ᠰᠤᠷᠭᠠᠭᠤᠯᠢ ᠶᠢᠨ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠰᠠᠨᠠᠭᠤᠯᠭ᠎ᠠ ᠳᠤᠷᠠᠳᠴᠤ᠂ ᠰᠤᠷᠭᠠᠨ | ᠬᠥᠮᠦᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠰᠢᠢᠳᠪᠦᠷᠢᠯᠡᠬᠦ | ᠲᠣᠭᠲᠠᠭᠠᠯ ᠭᠠᠷᠭᠠᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ | ᠳᠠᠩᠰᠠᠯᠠᠭᠤᠯᠤᠨ᠎ᠠ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠪᠤᠶᠤ ᠠᠵᠢᠯᠲᠠᠨ ᠤ ᠣᠷᠣᠨ ᠲᠣᠭᠠᠨ ᠤ | ᠬᠠᠮᠢᠶᠠᠷᠤᠯᠲᠠ ᠳᠤ ᠣᠷᠣᠭᠤᠯᠤᠭᠠᠳᠤᠶ ᠪᠠᠭᠰᠢ ᠶᠢ ᠪᠠᠶᠢᠭ᠎ᠠ ᠰᠤᠷᠭᠠᠭᠤᠯᠢ ᠠᠴᠠ ᠨᠢ ᠲᠣᠭᠲᠠᠭᠠᠯ ᠭᠠᠷᠭᠠᠬᠤ ᠶᠢᠨ | ᠬᠠᠮᠲᠤ ᠤᠷᠢᠨ ᠲᠣᠮᠢᠯᠠᠬᠤ ᠭᠡᠷ᠎ᠡ ᠪᠠᠨ ᠬᠦᠴᠦᠨ ᠦᠭᠡᠶ ᠪᠣᠯᠭᠠᠵᠤ᠂ ᠰᠤᠷᠭᠠᠨ ᠬᠥᠮᠦᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ︵ᠲᠠᠪᠤ︶ ᠪᠠᠭᠰᠢ ᠶᠢᠨ ᠬᠢᠷᠢ ᠬᠡᠮ ᠢ | ᠬᠠᠰᠤᠬᠤ ᠴᠢᠬᠤᠯᠠᠲᠠᠶ ᠪᠠᠶᠢᠪᠠᠯ᠂ ︽ᠪᠠᠭᠰᠢ ᠶᠢᠨ ᠬᠢᠷᠢ ᠬᠡᠮ ᠤᠨ ᠲᠦᠷᠢᠮ︾ ᠤᠨ ᠠᠷᠪᠠ ᠶᠢᠰᠦᠳᠦᠭᠡᠷ ᠵᠦᠢᠯ ᠤᠨ | ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠡᠷᠡᠭᠵᠢᠭᠦᠯᠦᠨ᠎ᠡ᠃ ︵ᠵᠢᠷᠭᠤᠭ᠎ᠠ︶ ᠰᠢᠢᠳᠪᠦᠷᠢᠯᠡᠬᠦ | ᠲᠣᠭᠲᠠᠭᠠᠯ ᠢᠶᠠᠨ ᠪᠠᠭᠰᠢ ᠲᠤᠰ ᠬᠥᠮᠦᠨ ᠳᠤᠨᠢ ᠪᠢᠴᠢᠭ ᠢᠶᠠᠷ ᠮᠡᠳᠡᠭᠳᠡᠬᠦ ᠶᠢᠨ ᠬᠠᠮᠲᠤ ᠦᠨᠡᠮᠰᠢᠭᠰᠡᠨ ᠪᠣᠳᠠᠲᠤ | ᠶᠠᠪᠤᠳᠠᠯ᠂ ᠰᠢᠯᠲᠠᠭᠠᠨ᠂ ᠦᠨᠳᠦᠰᠦᠯᠡᠯ᠂ ᠬᠤᠭᠤᠴᠠᠭ᠎ᠠ ᠬᠢᠵᠠᠭᠠᠷ ᠬᠢᠭᠡᠳ ᠭᠤᠮᠣᠳᠠᠯ ᠲᠣᠭᠠᠴᠢᠬᠤ ᠠᠷᠭ᠎ᠠ ᠵᠠᠮ | ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ︵ᠳᠣᠯᠤᠭ᠎ᠠ︶ ᠪᠠᠭᠰᠢ ᠰᠢᠢᠳᠪᠦᠷᠢᠯᠡᠬᠦ ᠲᠣᠭᠲᠠᠭᠠᠯ ᠢ | ᠵᠥᠪᠰᠢᠶᠡᠷᠡᠬᠦ ᠦᠭᠡᠶ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠳᠠᠬᠢᠨ ᠬᠢᠨᠠᠭᠰᠠᠨ ᠦᠷ᠎ᠡ | ᠳ᠋ᠦᠩ ᠢ ᠵᠥᠪᠰᠢᠶᠡᠷᠡᠬᠦ ᠦᠭᠡᠶ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠮᠣᠳᠠᠯ ᠲᠣᠭᠠᠴᠢᠵᠤ ᠪᠣᠯᠤᠨ᠎ᠠ | ᠃ ︵ᠨᠠᠢᠮᠠ︶ ᠪᠠᠭᠰᠢ ᠨᠠᠷ ᠢ ᠰᠢᠢᠳᠪᠦᠷᠢᠯᠡᠭᠰᠡᠨ ᠤ ᠳᠠᠷᠠᠭ᠎ᠠ᠂ ᠭᠡᠮᠰᠢᠨ ᠵᠠᠰᠠᠷᠠᠭᠰᠠᠨ ᠢᠯᠡᠷᠡᠯ ᠢ ᠨᠢ ᠦᠨᠳᠦᠰᠦᠯᠡᠨ | ᠬᠤᠭᠤᠴᠠᠭ᠎ᠠ ᠶᠢ ᠨᠢ ᠤᠷᠲᠤᠳᠬᠠᠬᠤ ᠪᠤᠶᠤ ᠬᠦᠴᠦᠨ ᠦᠭᠡᠶ ᠪᠣᠯᠭᠠᠵᠤ᠂ ᠰᠢᠳᠬᠡᠬᠦ ᠲᠣᠭᠲᠠᠭᠠᠯ ᠪᠣᠯᠤᠨ | ᠰᠢᠳᠬᠡᠬᠦ ᠶᠢ ᠬᠦᠴᠦᠨ ᠦᠭᠡᠶ ᠪᠣᠯᠭᠠᠭᠰᠠᠨ ᠲᠣᠭᠲᠠᠭᠠᠯ ᠢ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠳᠤ ᠪᠦᠷᠢᠨ | ᠭᠦᠢᠴᠡᠳ ᠬᠠᠳᠠᠭᠠᠯᠠᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠪᠠᠭᠰᠢ ᠶᠢᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃ ᠳᠣᠯᠣᠳᠤᠭᠠᠷ ᠵᠦᠢᠯ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠤᠷᠭᠠᠭᠤᠯᠢ | ᠪᠣᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠰᠢᠭᠤᠳ ᠬᠠᠷᠢᠭᠤᠴᠠᠯᠭ᠎ᠠ ᠶᠢᠨ ᠪᠡᠶᠡᠴᠢ | ᠴᠣᠭᠴᠠ ᠮᠥᠨ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ | ᠪᠠᠶᠢᠬᠤ ᠶᠢ ᠪᠠᠷᠢᠮᠲᠠᠯᠠᠨ᠎ᠠ᠃ ᠰᠤᠷᠭᠠᠭᠤᠯᠢ ᠶᠢᠨ ᠠᠵᠢᠯ ᠳᠤ ᠪᠠᠶᠢᠭ᠎ᠠ ᠪᠠᠭᠰᠢ ᠨᠠᠷ ᠲᠣᠰ ᠠᠷᠭ᠎ᠠ ᠶᠢᠨ ᠬᠤᠶᠠᠳᠤᠭᠠᠷ | ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠢ ᠨᠢ ᠦᠵᠡᠵᠦ᠂ ᠰᠤᠷᠭᠠᠭᠤᠯᠢ ᠶᠢ ᠨᠡᠪᠲᠡᠷᠡᠭᠦᠯᠦᠨ | ᠰᠢᠭᠦᠮᠵᠢᠯᠡᠬᠦ᠂ ᠰᠤᠷᠭᠠᠭᠤᠯᠢ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠲᠣᠰ ᠵᠢᠯ ᠤᠨ ᠲᠡᠷᠢᠭᠦᠨ ᠤ ᠪᠠ | ᠰᠢᠯᠢᠳᠡᠭ ᠢ ᠰᠢᠯᠭᠠᠷᠠᠭᠤᠯᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ | ᠭᠤᠣᠯ ᠤᠳᠤᠷᠢᠳᠤᠯᠭ᠎ᠠ ᠪᠣᠯᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠨᠡᠬᠡᠮᠵᠢᠯᠡᠨ᠎ᠡ᠃ ᠲᠤᠰ ᠨᠢᠭᠡ ᠵᠢᠯ ᠳᠤ᠂ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠪᠠᠶᠢᠴᠠᠭᠠᠨ ᠰᠢᠢᠳᠪᠦᠷᠢᠯᠡᠭᠰᠡᠨ ᠲᠤᠬᠠᠶᠢᠲᠠᠶ ᠬᠥᠮᠦᠨ ᠳᠤ ᠳᠣᠩᠭᠤᠳᠬᠤ ᠵᠢᠴᠢ ᠲᠡᠭᠦᠨ ᠠᠴᠠ ᠳᠡᠭᠡᠭᠰᠢ ᠰᠢᠳᠬᠡᠯ | ᠥᠭᠭᠦᠭᠰᠡᠨ ᠪᠠᠭᠰᠢ ᠶᠢᠨ ᠶᠣᠰᠣ ᠮᠣᠷᠠᠯ ᠤᠨ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ | ᠨᠢᠭᠡ ᠤᠳᠠᠭ᠎ᠠ ᠭᠠᠷᠪᠠᠯ᠂ ᠰᠤᠷᠭᠠᠭᠤᠯᠢ ᠶᠢᠨ ᠵᠠᠬᠢᠷᠤᠯ ᠪᠠ ᠬᠤᠪᠢᠳᠠᠨ ᠬᠠᠮᠢᠶᠠᠷᠴᠤ ᠪᠥᠬᠦᠶ ᠳᠡᠳ᠋ ᠰᠤᠷᠭᠠᠭᠤᠯᠢ ᠶᠢᠨ | ᠵᠠᠬᠢᠷᠤᠯ ᠢ ᠨᠡᠪᠲᠡᠷᠡᠭᠦᠯᠦᠨ ᠰᠢᠭᠦᠮᠵᠢᠯᠡᠵᠦ᠂ ᠰᠡᠷᠡᠮᠵᠢᠯᠡᠭᠦᠯᠦᠨ ᠢᠳᠬᠠᠵᠤ ᠶᠠᠷᠢᠯᠴᠠᠨ᠎ᠠ᠂ ᠦᠷᠭᠦᠯᠵᠢᠯᠡᠨ ᠬᠤᠶᠠᠷ | ᠤᠳᠠᠭ᠎ᠠ ᠣᠰᠣᠯ ᠲᠡᠮᠳᠡᠭᠯᠡᠬᠦ ᠵᠢᠴᠢ ᠲᠡᠭᠦᠨ ᠠᠴᠠ ᠳᠡᠭᠡᠭᠰᠢ ᠰᠢᠳᠬᠡᠯ ᠭᠠᠷᠭᠠᠭᠰᠠᠨ ᠪᠤᠶᠤ ᠦᠷᠭᠦᠯᠵᠢᠯᠡᠨ ᠭᠤᠷᠪᠠᠨ | ᠤᠳᠠᠭ᠎ᠠ ᠳᠣᠩᠭᠤᠳᠬᠤ ᠰᠢᠳᠬᠡᠯ ᠣᠯᠭᠤᠭᠰᠠᠨ ᠪᠣᠯ ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠵᠠᠬᠢᠷᠤᠯ ᠳᠤ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠰᠢᠳᠬᠡᠯ ᠣᠯᠭᠤᠵᠤ᠂ | ᠴᠠᠯᠢᠩ ᠢ ᠨᠢ ᠳᠠᠭᠠᠯᠳᠤᠭᠤᠯᠤᠨ ᠬᠤᠪᠢᠷᠠᠭᠤᠯᠤᠨ᠎ᠠ᠂ ᠤᠢᠢᠯᠠ ᠪᠠᠶᠢᠳᠠᠯ ᠨᠢ ᠣᠨᠴᠠᠭᠠᠢ ᠬᠦᠨᠳᠦ ᠨᠣᠴᠢᠲᠠᠢ ᠪᠠᠶᠢᠪᠠᠯ᠂ | ᠰᠤᠷᠭᠠᠭᠤᠯᠢ ᠶᠢᠨ ᠵᠠᠬᠢᠷᠤᠯ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠢ ᠵᠠᠰᠠᠭ ᠵᠠᠬᠢᠷᠭᠠᠨ ᠢᠶᠠᠷ | ᠲᠤᠰᠢᠶᠠᠯ ᠠᠴᠠ ᠨᠢ ᠪᠠᠭᠤᠯᠭᠠᠵᠤ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ | ᠬᠠᠮᠢᠶᠠᠷᠴᠤ ᠪᠠᠶᠢᠭ᠎ᠠ ᠺᠠᠳ᠋ᠷ ᠪᠣᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠢᠶᠠᠯ ᠠᠴᠠ ᠨᠢ ᠪᠠᠭᠤᠯᠭᠠᠬᠤ | ᠰᠠᠨᠠᠭᠤᠯᠭ᠎ᠠ ᠳᠤᠷᠠᠳᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯ ᠨᠠᠮ ᠤᠨ ᠰᠠᠬᠢᠯᠭ᠎ᠠ | ᠪᠠᠲᠤ ᠶᠢᠨ ᠵᠣᠬᠢᠴᠠᠩᠭᠤᠶ ᠰᠢᠢᠳᠭᠡᠯ ᠥᠭᠭᠦᠨ᠎ᠡ᠃ ᠰᠤᠷᠭᠠᠭᠤᠯᠢ ᠨᠢ ᠲᠣᠰ ᠰᠤᠷᠭᠠᠭᠤᠯᠢ ᠶᠢᠨ ᠪᠠᠭᠰᠢ ᠶᠢᠨ ᠶᠣᠰᠣ | ᠮᠣᠷᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠶᠢᠴᠠᠭᠠᠨ ᠰᠢᠢᠳᠪᠦᠷᠢᠯᠡᠭᠰᠡᠨ | ᠪᠠᠶᠢᠪᠠᠯ᠂ ᠦᠢᠯᠡ ᠪᠠᠶᠢᠳᠠᠯ ᠢ ᠨᠢ ᠦᠨᠳᠦᠰᠦᠯᠡᠨ ᠭᠡᠯᠳᠦᠷᠢᠭᠦᠯᠬᠦ᠂ ᠬᠥᠩᠭᠡᠷᠡᠭᠦᠯᠬᠦ᠂ ᠬᠥᠩᠭᠡᠨ ᠢᠶᠠᠷ ᠬᠠᠷᠢᠭᠤᠴᠠᠯᠭ᠎ᠠ | ᠨᠡᠬᠡᠮᠵᠢᠯᠡᠬᠦ᠂ ᠰᠢᠳᠬᠡᠬᠦ ᠪᠠ ᠰᠢᠢᠳᠪᠦᠷᠢᠯᠡᠵᠦ ᠪᠣᠯᠤᠨ᠎ᠠ᠃ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠬᠠᠷᠢᠶ᠎ᠠ | ᠣᠷᠣᠨ ᠤ ᠰᠤᠷᠭᠠᠭᠤᠯᠢ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠤᠳᠤᠷᠢᠳᠬᠤ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢᠨ ᠠᠵᠢᠯ ᠤᠨ ᠳᠤᠮᠳᠠ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠥᠬᠡᠶ᠂ ᠬᠢᠨᠠᠯᠲᠠ | ᠲᠠᠯᠪᠢᠭᠰᠠᠨ ᠨᠢ ᠪᠣᠳᠠᠲᠠᠶᠢᠵᠢᠭᠰᠠᠨ ᠥᠬᠡᠶ ᠪᠤᠶᠤ ᠬᠠᠷᠢᠶ᠎ᠠ ᠭᠠᠵᠠᠷ ᠤᠨ ᠪᠠᠭᠰᠢ ᠶᠢᠨ ᠶᠣᠰᠣ ᠮᠣᠷᠠᠯ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠨᠢ ᠬᠦᠴᠦᠨ ᠥᠬᠡᠶ᠂ | ᠰᠢᠳᠬᠡᠯ ᠥᠭᠬᠦ ᠶᠢ ᠲᠡᠪᠴᠢᠭᠰᠡᠨ᠂ ᠰᠢᠳᠬᠡᠯ ᠢ ᠤᠳᠠᠭᠠᠰᠢᠷᠠᠭᠤᠯᠤᠭᠰᠠᠨ᠂ ᠰᠢᠯᠲᠠᠭᠯᠠᠵᠤ ᠨᠢᠭᠤᠨ | ᠳᠠᠯᠳᠠᠯᠠᠭᠰᠠᠨ ᠠᠴᠠ ᠪᠣᠯᠵᠣ ᠮᠠᠭᠤ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠦᠢᠯᠡ ᠪᠠᠶᠢᠳᠠᠯ ᠢ ᠨᠢ ᠦᠵᠡᠵᠦ᠂ ᠬᠤᠰᠢᠭᠤ ᠰᠢᠶᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠ ᠬᠠᠮᠢᠶ᠎ᠠ ᠪᠥᠬᠦᠶ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠂ ᠡᠰᠡᠬᠦᠯ᠎ᠡ ᠬᠠᠷᠢᠶ᠎ᠠ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠲᠤᠰᠬᠠᠶ ᠮᠡᠳᠡᠭᠦᠯᠬᠦ ᠲᠦᠷᠢᠮ ᠪᠠ ᠬᠠᠷᠢᠶ᠎ᠠ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠳᠤ ᠵᠠᠬᠢᠳᠠᠯ ᠶᠠᠪᠤᠭᠤᠯᠵᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠡᠬᠢᠯᠡᠭᠦᠯᠵᠦ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠭᠤᠤᠯ ᠬᠠᠷᠢᠭᠤᠴᠠᠯᠭᠠᠲᠠᠨ ᠪᠤᠶᠤ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃ ᠬᠠᠷᠢᠶ᠎ᠠ ᠲᠣᠭᠤᠷᠢᠭ ᠲᠠᠬᠢ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠣᠯᠠᠨ ᠲᠦᠮᠡᠨ ᠤ ᠲᠤᠰᠬᠠᠯ | ᠴᠢᠩᠭ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠡᠷᠡᠭ ᠣᠯᠠᠨ ᠭᠠᠷᠴᠤ᠂ ᠣᠯᠠᠨᠲᠠ ᠴᠠᠭᠠᠵᠠᠯᠠᠭᠰᠠᠨ ᠴᠤ | ᠵᠣᠭᠰᠣᠬᠤ ᠥᠬᠡᠶ᠂ ᠣᠯᠠᠨᠲᠠ ᠪᠠᠶᠢᠴᠠᠭᠠᠭᠰᠠᠨ ᠴᠤ ᠪᠠᠶᠢᠨ ᠳᠠᠬᠢᠨ ᠭᠠᠷᠤᠭᠰᠠᠨ ᠪᠣᠯ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠦᠢᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠵᠦ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠤᠶᠤ ᠭᠤᠤᠯ | ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠦᠨᠳᠦ ᠶᠡᠭᠡ ᠬᠡᠷᠡᠭ | ᠭᠠᠷᠴᠤ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠨᠢ ᠮᠠᠭᠤ ᠪᠠᠶᠢᠪᠠᠯ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠵᠦᠢᠯ ᠪᠠᠭᠰᠢ ᠶᠢᠨ ᠶᠣᠰᠣ ᠮᠣᠷᠠᠯ ᠤᠨ ᠤᠷᠮᠠᠰᠢᠭᠤᠯᠤᠯ ᠪᠠ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︵ᠨᠢᠭᠡ︶ ᠪᠠᠭᠰᠢ ᠶᠢᠨ ᠢᠷᠠᠭᠤ ᠠᠯᠳᠠᠷ ᠢ ᠬᠥᠬᠢᠭᠦᠯᠦᠨ | ᠰᠠᠶᠢᠰᠢᠶᠠᠬᠤ ᠰᠢᠰᠲ᠋ᠧᠮᠵᠢ ᠶᠢ ᠪᠦᠷᠢᠨᠰᠢᠬᠦᠯᠵᠦ᠂ ᠪᠠᠭᠰᠢ ᠶᠢ ᠱᠠᠩᠨᠠᠨ ᠬᠥᠬᠢᠭᠦᠯᠬᠦ ᠠᠷᠭ᠎ᠠ ᠶᠢ ᠲᠡᠭᠦᠯᠳᠡᠷᠵᠢᠭᠦᠯᠦᠨ᠎ᠡ᠂ | ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ | ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠢᠯᠡᠷᠡᠯ ᠲᠣᠪᠤᠶᠢᠮ᠎ᠠ᠂ ᠵᠢᠳᠬᠦᠯ | ᠴᠢᠷᠮᠠᠶᠢᠯᠭ᠎ᠠ ᠲᠠᠢ᠂ ᠠᠮᠵᠢᠯᠲᠠ ᠪᠦᠲᠦᠮᠵᠢ ᠲᠠᠢ᠂ ᠬᠤᠪᠢ ᠨᠡᠮᠡᠷᠢ ᠲᠠᠢ ᠪᠠᠭᠰᠢ ᠶᠢ ᠲᠣᠭᠲᠠᠭᠠᠯ ᠶᠣᠰᠣᠭᠠᠷ ᠱᠠᠩᠨᠠᠨ | ᠬᠥᠬᠢᠭᠦᠯᠵᠦ᠂ ᠭᠠᠪᠢᠶ᠎ᠠ ᠲᠡᠮᠳᠡᠭᠯᠡᠨ᠂ ᠴᠣᠯᠠ ᠣᠯᠭᠤᠵᠤ᠂ ᠪᠣᠳᠠᠰ ᠤᠨ ᠱᠠᠩᠨᠠᠯ ᠣᠯᠭᠤᠨ᠎ᠠ᠃ ᠢᠷᠠᠭᠤ ᠠᠯᠳᠠᠷ | ᠬᠦᠷᠲᠡᠭᠴᠢ ᠶᠢᠨ ᠭᠥᠷᠳᠡᠬᠦ ᠤᠯᠤᠰ ᠲᠥᠷᠥ᠂ ᠠᠮᠢᠳᠤᠷᠠᠯ ᠤᠨ ᠬᠦᠷᠳᠡᠮᠵᠢ ᠶᠢ ᠬᠠᠤᠯᠢ ᠲᠣᠭᠲᠠᠭᠠᠯ ᠶᠣᠰᠣᠭᠠᠷ | ᠲᠣᠭᠲᠠᠭᠠᠵᠤ᠂ ᠢᠷᠠᠭᠤ ᠠᠯᠳᠠᠷ ᠬᠦᠷᠲᠡᠭᠴᠢ ᠶᠢᠨ ᠬᠤᠶᠢᠰᠢᠲᠠ ᠳᠠᠬᠢ ᠳᠡᠮᠵᠢᠯᠭᠡ ᠦᠢᠯᠡᠴᠢᠯᠡᠭᠡ ᠶᠢ ᠴᠢᠩᠭᠠᠳᠬᠠᠨ᠎ᠠ᠃ | ︵ᠬᠤᠶᠠᠷ︶ ᠡᠯ᠎ᠡ ᠱᠠᠲᠤᠨ ᠤ ᠤᠬᠠᠭᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ | ᠰᠤᠷᠭᠠᠭᠤᠯᠢ ᠨᠤᠭᠤᠳ ᠬᠡᠪᠰᠢᠭᠰᠡᠨ ᠪᠠᠭᠰᠢ ᠶᠢᠨ ᠶᠣᠰᠣ ᠮᠣᠷᠠᠯ ᠤᠨ ᠤᠬᠠᠭᠤᠯᠭ᠎ᠠ ᠶᠢᠨ ᠠᠵᠢᠯ ᠤᠨ ᠲᠣᠭᠲᠠᠴᠠ ᠶᠢ | ᠪᠠᠶᠢᠭᠤᠯᠬᠤ ᠬᠡᠷᠡᠭᠲᠡᠶ᠃ ᠪᠠᠭᠰᠢ ᠶᠢ ᠬᠦᠨᠳᠦᠳᠬᠡᠬᠦ ᠰᠣᠶᠣᠯ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ | ᠬᠢᠴᠢᠶᠡᠯ ᠤᠨ ᠲᠠᠩᠬᠢᠮ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ︽ | ᠪᠠᠭᠰᠢ ᠶᠢ ᠬᠦᠨᠳᠦᠳᠬᠡᠬᠦ ᠨᠢᠭᠡᠳᠦᠭᠡᠷ ᠬᠢᠴᠢᠶᠡᠯ︾᠂ ︽ᠶᠢᠰᠦᠨ ᠰᠠᠷ᠎ᠠ ᠶᠢ ᠪᠠᠭᠰᠢ ᠶᠢ ᠬᠦᠨᠳᠦᠳᠬᠡᠬᠦ ᠭᠤᠤᠯ | ᠰᠡᠳᠦᠪᠲᠦ ᠰᠠᠷ᠎ᠠ ᠪᠣᠯᠭᠠᠬᠤ︾ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠶᠢ ᠬᠦᠨᠳᠦᠳᠬᠡᠵᠦ ᠰᠤᠷᠭᠠᠨ | ᠬᠥᠮᠦᠵᠢᠯ ᠢ ᠴᠢᠬᠤᠯᠠᠴᠢᠯᠠᠬᠤ ᠦᠵᠡᠯᠲᠡ ᠶᠢ ᠰᠤᠷᠤᠭᠴᠢᠳ ᠤᠨ ᠥᠷᠲᠡᠭ ᠤᠨ ᠰᠢᠰᠲ᠋ᠧᠮ ᠳᠤ ᠨᠡᠪᠴᠢᠭᠦᠯᠦᠨ᠎ᠡ᠃ | ᠪᠠᠭᠰᠢ ᠶᠢᠨ ᠶᠣᠰᠣ ᠮᠣᠷᠠᠯ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠠᠭᠰᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠵᠦ᠂ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠴᠢᠩᠭᠠᠷᠠᠭᠤᠯᠤᠨ᠎ᠠ᠃ | ᠵᠠᠭᠤᠴᠢᠯᠠᠭᠤᠷ ᠢᠶᠠᠷ ᠳᠠᠮᠵᠢᠭᠤᠯᠤᠨ ᠲᠡᠷᠢᠭᠦᠨ ᠤ ᠪᠠᠭᠰᠢ ᠶᠢᠨ ᠶᠣᠰᠣ ᠮᠣᠷᠠᠯ ᠪᠠ ᠪᠠᠭᠰᠢ ᠶᠢ ᠬᠦᠨᠳᠦᠳᠬᠡᠨ ᠰᠤᠷᠭᠠᠨ | ᠬᠥᠮᠦᠵᠢᠯ ᠢ ᠴᠢᠬᠤᠯᠠᠴᠢᠯᠠᠭᠰᠠᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠪᠠᠭᠰᠢ ᠶᠢᠨ ᠶᠣᠰᠣ ᠮᠣᠷᠠᠯ ᠢ | ᠡᠷᠬᠢᠮᠯᠡᠬᠦ᠂ ᠲᠡᠷᠢᠭᠦᠨ ᠤ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠴᠢᠷᠮᠠᠶᠢᠨ ᠡᠭᠦᠳᠬᠦ ᠪᠠ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ᠃ | ︵ᠭᠤᠷᠪᠠ︶ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡᠳᠦᠭᠡᠷ ᠹᠷᠣᠨᠲ ᠤᠨ ᠪᠠᠭᠰᠢ ᠢᠯᠠᠩᠭᠤᠶ᠎ᠠ ᠤᠷᠲᠤ ᠬᠤᠭᠤᠴᠠᠭ᠎ᠠ ᠪᠠᠷ | ᠪᠠᠭᠰᠢᠯᠠᠵᠤ ᠪᠠᠶᠢᠭ᠎ᠠ ᠰᠢᠯᠢᠳᠡᠭ ᠪᠠᠭᠰᠢ ᠶᠢ ᠲᠣᠬᠢᠷᠠᠭᠤᠯᠤᠨ ᠡᠮᠨᠡᠭᠦᠯᠦᠨ ᠰᠤᠪᠢᠯᠠᠭᠤᠯᠵᠤ᠂ ᠨᠥᠬᠦᠴᠡᠯ ᠳᠤ ᠨᠡᠶᠢᠴᠡᠬᠦ | ᠠᠩᠭᠢ ᠶᠢᠨ ᠡᠷᠬᠢᠯᠡᠭᠴᠢ᠂ ᠲᠠᠷᠢᠶᠠᠯᠠᠬᠤ ᠮᠠᠯᠵᠢᠬᠤ ᠣᠷᠣᠨ ᠤ ᠪᠠᠭᠰᠢ ᠲᠡᠰᠢ ᠭᠤᠣᠯᠳᠠᠯᠭ᠎ᠠ ᠲᠠᠢ ᠬᠡᠯᠪᠠᠶᠢᠯᠭᠡᠬᠦ | ᠬᠡᠷᠡᠭᠲᠡᠶ᠃ ᠶᠢᠰᠦᠳᠦᠭᠡᠷ ᠵᠦᠢᠯ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠪᠠᠭᠰᠢ ᠶᠢᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠪᠠᠭᠰᠢ ᠶᠢᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠬᠠᠤᠯᠢ ᠶᠣᠰᠣᠭᠠᠷ ᠪᠠᠲᠤᠯᠠᠨ᠂ ᠪᠠᠭᠰᠢ ᠶᠢᠨ ᠵᠢᠭᠠᠨ ᠰᠤᠷᠭᠠᠬᠤ ᠠᠵᠢᠯ ᠮᠡᠷᠭᠡᠵᠢᠯ ᠤᠨ ᠡᠷᠬᠡ ᠶᠢ ᠬᠠᠤᠯᠢ ᠶᠣᠰᠣᠭᠠᠷ | ᠬᠠᠮᠠᠭᠠᠯᠠᠵᠤ᠂ ᠠᠯᠳᠠᠭ᠎ᠠ ᠥᠬᠡᠶ ᠪᠣᠯᠪᠠᠴᠤ ᠪᠤᠰᠤᠳᠴᠢ ᠲᠠᠯ᠎ᠠ ᠪᠠᠷ ᠰᠤᠷᠤᠭᠴᠢᠳ ᠤᠨ ᠰᠠᠨᠠᠭᠠᠨ ᠳᠤ ᠥᠬᠡᠶ | ᠭᠡᠮᠲᠦᠯ ᠳᠤ ᠪᠠᠭᠰᠢ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠬᠦ ᠥᠬᠡᠶ᠃ ᠪᠠᠭᠰᠢ ᠶᠢᠨ ᠨᠡᠷ᠎ᠡ ᠬᠦᠨᠳᠦ ᠳᠤ | ᠬᠠᠯᠳᠠᠵᠤ ᠪᠣᠯᠬᠤ ᠥᠬᠡᠶ ᠪᠠᠶᠢᠬᠤ ᠶᠢ ᠬᠠᠤᠯᠢ ᠶᠣᠰᠣᠭᠠᠷ ᠪᠠᠲᠤᠯᠠᠵᠤ᠂ ᠪᠠᠭᠰᠢ ᠲᠤᠰᠢᠶᠠᠯ ᠢᠶᠠᠨ | ᠭᠦᠢᠴᠡᠳᠭᠡᠭᠰᠡᠨ ᠠᠴᠠ ᠪᠣᠯᠵᠣ ᠰᠣᠷᠣᠭᠴᠢ᠂ ᠬᠡᠷ ᠤᠨ ᠠᠬᠠᠮᠠᠳ ᠵᠢᠴᠢ ᠲᠡᠳᠡᠨ ᠤ ᠲᠥᠷᠥᠯ ᠰᠠᠳᠤᠨ ᠵᠡᠷᠭᠡ | ᠪᠠᠭᠰᠢ ᠪᠠᠨ ᠳᠣᠷᠣᠮᠵᠢᠯᠠᠬᠤ᠂ ᠬᠠᠷᠢᠶᠠᠬᠤ᠂ ᠪᠡᠶ᠎ᠡ ᠮᠠᠬᠠᠪᠤᠳ ᠢ ᠰᠢᠷᠠᠭᠳᠠᠭᠤᠯᠬᠤ ᠪᠤᠶᠤ ᠰᠦᠯᠵᠢᠶ᠎ᠡ ᠪᠠᠷ ᠪᠠᠭᠰᠢ ᠪᠠᠨ | ᠭᠦᠳᠬᠡᠬᠦ᠂ ᠮᠠᠭᠤ ᠪᠠᠷ ᠵᠣᠷᠢᠭᠤᠳᠠ ᠬᠥᠭᠡᠷᠭᠡᠳᠡᠬᠦ ᠵᠡᠷᠭᠡ ᠦᠢᠯᠡ ᠠᠵᠢᠯᠯᠠᠭ᠎ᠠ ᠡᠭᠦᠰᠦᠭᠰᠡᠨ ᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠢᠩᠭ᠎ᠠ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ | ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠤᠷᠭᠠᠭᠤᠯᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠭᠰᠢ ᠨᠠᠷ ᠤᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠳᠤ ᠴᠢᠬᠤᠯᠠ ᠪᠦᠬᠦᠢ ᠬᠠᠤᠯᠢ ᠴᠠᠭᠠᠵᠠ ᠵᠡᠷᠭᠡ ᠲᠠᠯ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃ | ᠠᠷᠪᠠᠳᠤᠭᠠᠷ ᠵᠦᠢᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠤᠯᠭ᠎ᠠ ᠬᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠪᠣᠳᠠᠲᠠᠢ ᠡᠭᠦᠷᠭᠡ ᠴᠢᠳᠠᠪᠤᠷᠢ ᠶᠢᠨ | ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠠᠵᠢᠯᠳᠠᠨ ᠳᠤ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢᠨ ᠠᠵᠢᠯ ᠳᠠᠬᠢ ᠵᠢᠯᠤᠭᠤᠳᠤᠯᠭ᠎ᠠ᠂ ᠬᠢᠨᠠᠯᠲᠠ ᠬᠠᠮᠢᠶᠠᠷᠤᠯᠲᠠ ᠪᠠ ᠪᠠᠭᠰᠢ ᠶᠢᠨ | ᠮᠣᠷᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠬᠤ | ᠬᠡᠷᠡᠭᠲᠡᠢ᠃ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠰᠤᠷᠭᠠᠭᠤᠯᠢ ᠶᠢᠨ | ᠵᠠᠬᠢᠷᠤᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠭᠰᠢ ᠶᠢᠨ ᠶᠣᠰᠣ | ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠭᠰᠢ ᠶᠢᠨ ᠠᠵᠢᠯ ᠤᠨ ᠲᠡᠷᠢᠭᠦᠨ ᠪᠠᠶᠢᠷᠢᠨ ᠳᠤ | ᠲᠠᠯᠪᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠲᠣᠰ ᠠᠷᠭ᠎ᠠ ᠶᠢ | ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ ᠬᠠᠮᠢᠶ᠎ᠠ ᠪᠥᠬᠦᠶ ᠲᠠᠶᠢᠯᠤᠮᠵᠢ ᠶᠢᠨ ᠴᠥᠷᠬᠡᠯᠡᠭᠡ᠄ ︽ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ | ᠬᠥᠮᠦᠵᠢᠯ ᠤᠨ ᠣᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠭ᠎ᠠ ᠶᠢᠨ ᠰᠠᠯᠠᠭ᠎ᠠ | |