ᠮᠠᠨ ᠤ ᠤᠷᠤᠨ 2021 ᠤᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠭᠦ ᠪᠡᠯᠡᠳᠭᠡᠯ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠭᠦ ᠶᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/2/8
 2021 ᠣᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠢᠢᠷ᠎ᠠ ᠳᠤ ᠪᠠᠭᠰᠢ ᠨᠠᠷ ᠤᠨ ᠪᠤᠯᠪᠠᠰᠤᠷᠠᠯ᠂ ᠪᠠᠭᠰᠢ ᠶᠢᠨ ᠬᠦᠴᠦᠨ ᠤ ᠲᠤᠬᠢᠷᠠᠭᠤᠯᠤᠯᠳᠠ᠂ ᠬᠡᠤᠭᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠤᠯᠭᠠᠭᠤᠯᠬᠤ᠂ ᠵᠢᠭᠠᠬᠤ ᠶᠢ ᠰᠤᠳᠤᠯᠬᠤ ᠪᠠ ᠵᠢᠭᠠᠬᠤ ᠳᠤ ᠬᠠᠪᠰᠤᠷᠭᠠᠬᠤ ᠵᠡᠷᠭᠡ ᠲᠤᠰᠬᠠᠢ ᠲᠦᠰᠦᠯ ᠢ ᠲᠤᠬᠳᠠᠭᠠᠵᠤ᠂ ᠡᠯ᠎ᠠ ᠵᠦᠢᠯ ᠤᠨ ᠪᠡᠯᠡᠳᠭᠡᠯ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠨᠢᠳᠦᠨᠤᠨ ᠤ 12 ᠳ᠋ᠤᠭᠠᠷ ᠰᠠᠷ᠎ᠠ ᠠᠴᠠ ᠡᠬᠢᠯᠡᠨ᠂ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠦᠷᠭᠡᠨ ᠤᠯᠠᠨ ᠺᠠᠳ᠋ᠷ᠂ ᠪᠠᠭᠰᠢ ᠠᠵᠢᠯᠳᠠᠨ ᠠᠵᠢᠯᠴᠢᠨ ᠳᠤ ᠪᠦᠬᠦᠨ ᠢ ᠪᠤᠯᠪᠠᠰᠤᠷᠠᠭᠤᠯᠬᠤ ᠠᠵᠢᠯ ᠦᠷᠨᠢᠭᠦᠯᠵᠤ᠂ ᠦᠨᠳᠦᠰᠦᠳᠡᠨ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠶᠢ ᠰᠤᠷᠤᠯᠴᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠦᠨ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠡᠶᠢᠳᠡᠪᠦᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠪᠠ᠃ ᠪᠠᠭᠰᠢ ᠶᠢᠨ ᠬᠦᠴᠦᠨ ᠢ ᠪᠠᠳᠤᠯᠠᠬᠤ ᠲᠠᠯ᠎ᠠ ᠪᠠᠷ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠷᠤᠨ ᠲᠤᠭ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ ᠠᠵᠢᠯ ᠤᠨ ᠲᠦᠰᠦᠯ ᠢ ᠰᠤᠳᠤᠯᠤᠨ ᠲᠤᠬᠳᠠᠭᠠᠵᠤ᠂ ᠰᠤᠷᠭᠠᠭᠤᠯᠢ ᠶᠢᠨ ᠲᠤᠳᠤᠭᠠᠳᠤ ᠳᠤ ᠨᠢ ᠲᠤᠬᠢᠷᠠᠭᠤᠯᠬᠤ᠂ ᠰᠤᠷᠭᠠᠭᠤᠯᠢ ᠶᠢᠨ ᠬᠤᠭᠤᠷᠤᠨᠳᠤ ᠪᠠᠨ ᠰᠤᠯᠢᠯᠴᠠᠬᠤ᠂ ︽ᠠᠯᠪᠠᠨ ᠵᠠᠷᠤᠳᠠᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠨ ᠤᠶᠤᠳᠠᠳ︾ ᠢ ᠤᠷᠢᠵᠤ ᠡᠯᠰᠡᠭᠦ᠂ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢ ᠤᠷᠢᠵᠤ ᠡᠯᠰᠡᠭᠦ᠂ ᠢᠯᠡ ᠪᠠᠷ ᠤᠷᠢᠵᠤ ᠡᠯᠰᠡᠭᠦ ᠵᠡᠷᠭᠡ ᠠᠷᠭ᠎ᠠ ᠮᠠᠶᠢᠭ ᠢᠶᠠᠷ ᠲᠤᠳᠠᠬᠳᠠᠵᠤ ᠪᠠᠶᠢᠬᠰᠠᠨ 1022 ᠪᠠᠭᠰᠢ ᠶᠢᠨ ᠤᠷᠤᠨ ᠲᠤᠭ᠎ᠠ ᠶᠢ ᠨᠦᠬᠦᠪᠦᠷᠢᠯᠡᠪᠡ᠃ ᠡᠭᠦᠨ ᠳᠤ᠂ ᠦᠪᠡᠷᠳᠡᠭᠡᠨ ᠵᠠᠰᠠᠬᠤ ᠤᠷᠤᠨ ᠤ ︽ᠤᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ︾ ᠪᠠᠷ ᠨᠢᠭᠡᠨᠳᠡ 298 ᠪᠠᠭᠰᠢ ᠶᠢ ᠡᠯᠰᠡᠵᠤ᠂ ᠴᠦᠮ ᠭᠤᠷᠪᠠᠨ ᠬᠢᠴᠢᠶᠡᠯ ᠲᠦᠷᠦᠯ ᠤᠨ ᠪᠠᠭᠰᠢ ᠶᠢᠨ ᠡᠩᠨᠡᠭᠡᠨ ᠤ ᠤᠷᠤᠨ ᠲᠤᠭ᠎ᠠ ᠶᠢ ᠨᠦᠬᠦᠪᠦᠷᠢᠯᠡᠵᠤ᠂ ᠡᠨᠡ ᠵᠢᠯ ᠤᠨ ᠬᠠᠪᠤᠷ ᠤᠨ ᠤᠯᠠᠷᠢᠯ ᠢᠶᠠᠷ ᠠᠵᠢᠯ ᠤᠨ ᠪᠠᠶᠢᠷᠢᠨ ᠳᠤ ᠭᠠᠷᠭᠠᠨ᠎ᠠ᠃ ᠡᠯ᠎ᠠ ᠠᠶᠢᠮᠠᠭ ᠬᠤᠳᠠ ᠶᠢᠨ ᠪᠠᠭᠰᠢ ᠡᠯᠰᠡᠭᠦ ᠠᠵᠢᠯ ᠶᠠᠭ ᠡᠮᠬᠢ ᠵᠢᠷᠤᠮ ᠲᠠᠢ ᠶᠠᠪᠤᠬᠳᠠᠵᠤ ᠪᠤᠢ᠃ ᠡᠭᠦᠨ ᠤ ᠬᠠᠮᠳᠤ᠂ ᠴᠢᠨᠠᠷ ᠰᠠᠶᠢᠳᠠᠢ ᠡᠩ ᠤᠨ ᠰᠤᠷᠭᠠᠭᠤᠯᠢ ᠬᠢᠭᠡᠳ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠨᠤᠭᠤᠳ ᠬᠤᠤᠰᠯᠠᠯ ᠪᠤᠯᠵᠤ ᠬᠠᠪᠰᠤᠷᠤᠨ ᠲᠡᠳᠭᠦᠭᠦ ᠪᠠ ᠬᠠᠷᠢᠯᠴᠠᠨ ᠲᠤᠮᠢᠯᠠᠨ ᠬᠠᠮᠳᠤ ᠪᠠᠷ ᠪᠠᠶᠢᠭᠤᠯᠬᠤ ᠶᠢ ᠦᠷᠨᠢᠭᠦᠯᠵᠤ᠂ ᠤᠷᠤᠨ ᠤ ᠲᠤᠳᠤᠷᠠᠬᠢ ᠪᠠᠭᠰᠢ ᠶᠢᠨ ᠰᠤᠷᠭᠠᠭᠤᠯᠢ ᠨᠤᠭᠤᠳ ᠢ ᠵᠤᠬᠢᠶᠠᠨ ᠪᠠᠶᠢᠭᠤᠯᠵᠤ ᠰᠤᠷᠭᠠᠨ ᠬᠦᠮᠦᠵᠢᠯ ᠤᠨ ᠦᠢᠯᠡᠰ ᠢ ᠲᠡᠮᠵᠢᠭᠦ ᠪᠦᠯᠬᠦᠮ ᠪᠠᠶᠢᠭᠤᠯᠵᠤ᠂ ᠤᠢᠢᠷ᠎ᠠ ᠬᠠᠪᠢ ᠳᠠᠬᠢ ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠰᠠᠭᠤᠷᠢ ᠪᠠᠷ ᠪᠠᠷᠤᠬᠳᠠᠢ ᠪᠠᠶᠢᠭ᠎ᠠ ᠭᠠᠵᠠᠷ ᠤᠷᠤᠨ ᠪᠠ ᠰᠤᠷᠭᠠᠭᠤᠯᠢ ᠨᠤᠭᠤᠳ ᠤᠨ ᠴᠡᠭ ᠲᠤ ᠠᠵᠢᠯᠯᠠᠵᠤ ᠲᠠᠭᠠᠭᠠᠴᠢᠯᠠᠨ ᠬᠠᠷᠢᠭᠤᠴᠠᠬᠤ ᠶᠢ ᠦᠷᠨᠢᠭᠦᠯᠦᠨ᠎ᠡ᠃ ᠪᠠᠭᠰᠢ ᠨᠠᠷ ᠢ ᠪᠤᠯᠪᠠᠰᠤᠷᠠᠭᠤᠯᠬᠤ ᠲᠠᠯ᠎ᠠ ᠪᠠᠷ᠂ ᠰᠤᠷᠭᠠᠨ ᠬᠦᠮᠦᠵᠢᠯ ᠤᠨ ᠶᠠᠮᠤᠨ ᠤ ᠲᠡᠮᠵᠢᠯᠭᠡ ᠶᠢ ᠴᠢᠷᠮᠠᠶᠢᠨ ᠤᠯᠵᠤ᠂ ᠤᠷᠤᠨ ᠤ ᠲᠤᠳᠤᠷ᠎ᠠ ᠭᠠᠳᠠᠨᠠᠬᠢ ᠪᠠᠭᠰᠢ ᠶᠢᠨ ᠮᠡᠷᠭᠡᠵᠢᠯ ᠤᠨ 20 ᠶᠡᠭᠡ ᠲᠡᠭᠡᠳᠦ ᠰᠤᠷᠭᠠᠭᠤᠯᠢ ᠶᠢ ᠵᠤᠬᠢᠶᠠᠨ ᠪᠠᠶᠢᠭᠤᠯᠵᠤ ᠪᠠᠶᠢᠭᠠᠳ ᠡᠨᠡ ᠵᠢᠯ ᠤᠨ 1 ᠳ᠋ᠤᠭᠡᠷ ᠰᠠᠷ᠎ᠠ ᠶᠢᠨ ᠲᠤᠮᠳᠠᠴᠢ ᠠᠴᠠ ᠡᠬᠢᠯᠡᠵᠤ᠂ ᠵᠡᠭᠦᠨ ᠲᠤᠮᠳᠠ ᠪᠠᠷᠠᠭᠤᠨ ᠭᠤᠷᠪᠠᠨ ᠬᠡᠰᠡᠭ ᠤᠷᠤᠨ ᠬᠤᠪᠢᠶᠠᠭᠠᠳ ᠪᠦᠬᠦ ᠤᠷᠤᠨ ᠤ ᠦᠨᠳᠦᠰᠦᠳᠡᠨ ᠨᠦᠭᠦᠳ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠳᠤ ᠶᠢᠨ ᠪᠠᠶᠢᠭ᠎ᠠ ᠭᠤᠷᠪᠠᠨ ᠬᠢᠴᠢᠶᠡᠯ ᠲᠦᠷᠦᠯ ᠤᠨ ᠪᠠᠭᠰᠢ ᠶᠢ ᠪᠦᠯᠦᠭ ᠲᠦᠷᠦᠯ ᠬᠤᠪᠢᠶᠠᠨ ᠠᠩᠬᠢᠯᠠᠵᠤ ᠪᠤᠯᠪᠠᠰᠤᠷᠠᠭᠤᠯᠤᠨ᠎ᠠ᠃ ᠡᠭᠦᠨ ᠤ ᠬᠠᠮᠳᠤ᠂ ︽ᠵᠢᠱᠢᠶ᠎ᠠ ᠦᠵᠡᠭᠦᠯᠭᠦ ᠴᠢᠨᠠᠷᠳᠠᠢ ᠰᠢᠯᠭᠠᠷᠠᠬᠰᠠᠨ ᠪᠠᠭᠰᠢ︾ ᠶᠢᠨ ᠪᠤᠯᠪᠠᠰᠤᠷᠠᠯ᠂ ᠭᠤᠤᠯᠯᠠᠬᠴᠢ ᠠᠩᠬᠢ ᠶᠢᠨ ᠡᠷᠬᠢᠯᠡᠭᠴᠢ ᠪᠠᠭᠰᠢ ᠶᠢᠨ ᠪᠤᠯᠪᠠᠰᠤᠷᠠᠯ᠂ ᠭᠤᠷᠪᠠᠨ ᠬᠢᠴᠢᠶᠡᠯ ᠲᠦᠷᠦᠯ ᠤᠨ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠪᠤᠯᠪᠠᠰᠤᠷᠠᠯ ᠵᠡᠷᠭᠡ ᠶᠢ ᠦᠷᠨᠢᠭᠦᠯᠦᠨ᠎ᠡ᠃ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠠᠯ᠎ᠠ ᠪᠠᠷ᠂ ᠭᠤᠷᠪᠠᠨ ᠱᠠᠳᠤᠨ ᠤ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠤᠬᠳᠠᠴᠠ ᠶᠢ ᠪᠠᠶᠢᠭᠤᠯᠵᠤ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠭᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠠᠯ᠎ᠠ ᠶᠢᠨ ᠵᠢᠭᠠᠨ ᠰᠤᠷᠭᠠᠯᠳᠠ ᠶᠢ ᠨᠢ ᠵᠤᠯᠭᠠᠭᠤᠯᠬᠤ ᠠᠵᠢᠯ ᠤᠨ ᠵᠢᠯᠤᠭᠤᠳᠬᠤ ᠲᠦᠰᠦᠯ ᠢ ᠰᠤᠳᠤᠯᠤᠨ ᠳᠤᠭᠳᠠᠭᠠᠵᠤ᠂ ᠠᠷᠠᠳ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ ᠵᠡᠷᠬᠡ ᠲᠠᠢ ᠬᠠᠮᠳᠤᠷᠠᠨ᠂ ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠤᠯᠭᠠᠭᠤᠯᠬᠤ ᠨᠡᠶᠢᠳᠡᠯᠢᠭ ᠬᠡᠯᠡ ᠰᠤᠷᠬᠤ ᠳᠡᠪᠳᠡᠷ᠂ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠬᠤᠶᠠᠳᠤᠭᠠᠷ ᠣᠨ ᠠᠴᠠ ᠨᠠᠢᠮᠠᠳᠤᠭᠠᠷ ᠣᠨ ᠬᠦᠷᠳᠡᠯᠡᠬᠢ ︽ᠬᠢᠳᠠᠳ ᠬᠡᠯᠡ︾ ᠶᠢᠨ ᠨᠡᠮᠡᠯᠳᠡ ᠤᠩᠰᠢᠬᠤ ᠪᠢᠴᠢᠭ ᠵᠢᠴᠢ ᠡᠷᠳᠡᠨ ᠤ ᠰᠢᠯᠦᠭ ᠳᠠᠭᠤᠯᠠᠯ ᠤᠨ ᠤᠩᠰᠢᠬᠤ ᠪᠢᠴᠢᠭ ᠢ ᠨᠠᠶᠢᠷᠠᠭᠤᠯᠤᠨ ᠪᠢᠴᠢᠵᠦ᠂ ᠪᠠᠭ᠎ᠠ ᠰᠤᠷᠭᠠᠭᠤᠯᠢ ᠶᠢᠨ ᠨᠢᠬᠡᠳᠦᠬᠡᠷ ᠣᠨ ᠠᠴᠠ ᠵᠢᠷᠭᠤᠳᠤᠭᠠᠷ ᠣᠨ ᠳᠤ ᠬᠡᠷᠡᠭᠯᠡᠬᠦ ᠨᠢᠬᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ 12 ᠳᠡᠪᠳᠡᠷ ᠤᠨ ᠬᠦᠨᠳᠤ ᠦᠬᠡᠰ ᠤᠨ ᠮᠤᠩᠭᠤᠯ ᠬᠢᠳᠠᠳ ᠬᠤᠤᠰ ᠬᠡᠯᠡᠨ ᠤ ᠬᠠᠷᠢᠴᠠᠭᠤᠯᠤᠨ ᠤᠷᠴᠢᠭᠤᠯᠤᠭᠰᠠᠨ ᠤᠩᠰᠢᠬᠤ ᠪᠢᠴᠢᠭ ᠢ ᠨᠢᠬᠡᠳᠦᠯᠳᠡᠢ ᠨᠠᠶᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠪᠤᠯᠬᠤ ᠳᠤ ᠡᠳᠡᠬᠡᠷ ᠨᠤᠮ ᠪᠢᠴᠢᠭ ᠢ ᠪᠡᠯᠡᠬᠡᠨ ᠪᠤᠯᠭᠠᠭᠰᠠᠨ ᠪᠠᠶᠢᠬᠤ ᠶᠢ ᠦᠨᠡᠨ ᠬᠦ ᠪᠠᠳᠤᠯᠠᠨ᠎ᠠ᠃ ᠰᠦᠯᠵᠢᠶ᠎ᠠ ᠪᠠᠷ ᠰᠤᠷᠤᠯᠴᠠᠬᠤ ᠡᠬᠢ ᠪᠠᠶᠠᠯᠢᠭ ᠤᠨ ᠳᠠᠪᠴᠠᠩ ᠪᠠ ᠨᠡᠶᠢᠳᠡᠯᠢᠭ ᠬᠡᠯᠡᠨ ᠤ ᠪᠤᠯᠪᠠᠰᠤᠷᠠᠯ ᠢ ᠳᠡᠬᠡᠭᠰᠢᠯᠡᠬᠦᠯᠬᠦ ᠳᠠᠪᠴᠠᠩ ᠢ ᠰᠤᠳᠤᠯᠤᠨ ᠨᠡᠬᠡᠬᠡᠵᠦ ᠂ ᠪᠠᠭᠰᠢ ᠰᠤᠷᠤᠭᠴᠢᠳ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠡᠬᠦᠯᠡᠨ ᠳᠠᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠠ ᠪᠠ ᠭᠠᠷ ᠤᠳᠠᠰᠤᠨ ᠤ ᠬᠡᠷᠡᠭᠯᠡᠭᠴᠢ ᠶᠢᠨ ᠦᠢᠯᠡᠴᠢᠯᠡᠬᠦ ᠦᠵᠦᠬᠦᠷ ᠢᠶᠠᠷ ᠳᠠᠮᠵᠢᠭᠤᠯᠤᠨ ᠬᠡᠷᠡᠭᠯᠡᠵᠦ ᠪᠤᠯᠬᠤ ᠪᠤᠯᠭᠠᠨ᠎ᠠ᠃ ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠠᠯ᠎ᠠ ᠪᠠᠷ ᠬᠢ ᠨᠡᠶᠢᠳᠡᠯᠢᠭ ᠴᠢᠨᠠᠷᠳᠠᠢ ᠠᠰᠠᠭᠤᠳᠠᠯ ᠤᠨ ᠰᠤᠳᠤᠯᠭᠠᠨ ᠤ ᠰᠡᠳᠦᠪ ᠤᠨ ᠬᠦᠮᠦᠷᠬᠡ ᠶᠢ ᠪᠠᠶᠢᠭᠤᠯᠵᠤ᠂ ᠰᠡᠳᠦᠪ ᠢ ᠰᠢᠪᠳᠤᠯᠵᠤ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃ ᠤᠢᠢᠯᠠᠭᠠᠭᠰᠠᠨ ᠢᠶᠠᠷ᠂ ᠦᠪᠡᠷᠳᠡᠬᠡᠨ ᠵᠠᠰᠬᠠᠤ ᠤᠷᠤᠨ ᠠᠴᠠ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠬᠡᠷᠡᠬᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠪᠠᠨ ᠴᠢᠩᠭᠠᠳᠬᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠵᠤ ᠂ ᠡᠳᠦᠷ ᠳᠤᠳᠤᠮ ᠤᠨ ᠴᠢᠬᠤᠯᠠ ᠵᠦᠪᠯᠡᠬᠦ ᠵᠦᠢᠯ ᠳᠤ ᠪᠠᠨ ᠤᠷᠤᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠠ ᠶᠢ ᠨᠠᠷᠢᠯᠢᠭᠵᠢᠭᠤᠯᠵᠤ᠂ ᠪᠠᠭᠰᠢ ᠨᠠᠷ ᠤᠨ ᠪᠠᠳᠤᠯᠠᠭ᠎ᠠ᠂ ᠪᠠᠭᠰᠢ ᠨᠠᠷ ᠤᠨ ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠪᠠᠳᠤᠯᠠᠭ᠎ᠠ᠂ ᠬᠢᠴᠢᠶᠡᠯ ᠤᠨ ᠵᠢᠭᠠᠨ ᠰᠤᠷᠭᠠᠯᠳᠠ ᠵᠡᠷᠬᠡ ᠡᠯ᠎ᠠ ᠵᠦᠢᠯ ᠤᠨ ᠠᠵᠢᠯ ᠢ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠬᠦᠢᠴᠡᠳ ᠰᠠᠶᠢᠨ ᠪᠡᠯᠡᠳᠬᠡᠭᠰᠡᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠱᠠᠭᠠᠷᠳᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号