ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2021/3/1
  ︵ᠳᠣᠯᠤᠭ᠎ᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ︽ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠣᠨ︾ ᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠨᠢ ᠲᠤᠰᠪᠤᠷᠢ 58.8% ᠪᠠ 64. 2% ᠢᠶᠠᠷ ᠪᠠᠭᠤᠷᠠᠪᠠ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠪᠥᠬᠦ ᠬᠤᠲᠠ ᠶᠢᠨ ᠢᠳᠡᠭᠡᠨ ᠤ ᠵᠦᠢᠯ ᠤᠨ ᠰᠤᠩᠭᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ 97% ᠳᠤ ᠬᠥᠷᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠬᠤᠷᠠᠮᠳᠤᠯ ᠬᠡᠷᠡᠭ ᠪᠠ ᠪᠡᠷᠬᠡᠲᠡᠶ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠥᠷᠢᠮ ᠠᠴᠠ ᠵᠦᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠰᠬᠠᠢ ᠵᠠᠰᠠᠯᠲᠠ ᠵᠡᠷᠭᠡ ᠠᠵᠢᠯ ᠨᠡᠯᠢᠶᠡᠳ ᠶᠡᠭᠡ ᠦᠷ᠎ᠡ ᠪᠦᠲᠦᠮᠵᠢ ᠣᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠭᠦᠨᠵᠡᠭᠡᠶᠢᠷᠡᠨ ᠠᠭᠢᠵᠤ᠂ ᠪᠥᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠨᠢᠭᠡ ᠵᠢᠯ ᠤᠨ ᠲᠤᠷᠰᠢ᠂ ᠪᠢᠳᠡ ᠪᠠᠰᠠ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠭᠤᠷᠬᠠᠢ ᠶᠢᠨ ᠦᠢᠯᠡᠰ ᠤᠨ ᠶᠡᠭᠡ ᠬᠤᠷᠠᠯ᠂ ᠪᠦᠬᠦ ᠤᠯᠤᠰ ᠤᠨ ᠬᠢᠲᠠᠳ ᠡᠮ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ᠂ ᠪᠦᠬᠦ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠤᠯᠠᠭᠠᠨᠬᠠᠳᠠ ᠨᠣᠲᠤᠭ ᠲᠠᠢ ᠰᠣᠳᠣᠨᠴᠣᠳ ᠤᠨ ᠴᠤᠭᠯᠠᠭᠠᠨ︾ ᠪᠣᠯᠤᠨ ᠬᠤᠶᠠᠳᠤᠭᠠᠷ ᠬᠤᠭᠤᠴᠠᠭᠠᠨ ᠤ ᠪᠦᠬᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠤᠷᠠᠯ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠷᠠᠯ ᠢᠶᠠᠷ ᠬᠥᠭᠵᠢᠯᠲᠡ ᠶᠢ ᠠᠬᠢᠭᠤᠯᠵᠤ᠂ ᠤᠯᠠᠭᠠᠨᠬᠠᠳᠠ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠲᠥᠯᠥᠭᠡᠯᠡᠭᠴᠢᠳ ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠲᠡ ᠡᠭᠦᠰᠦᠭᠰᠡᠨ ᠪᠠ ᠠᠵᠤ ᠠᠬᠤᠶ ᠶᠢᠨ ᠪᠠᠭᠤᠷᠠᠯᠲᠠ ᠦᠷᠭᠦᠯᠵᠢᠯᠡᠨ ᠰᠢᠷᠦᠭᠦᠰᠦᠭᠰᠡᠨ ᠵᠡᠷᠭᠡ ᠠᠯᠢ ᠣᠯᠠᠨ ᠬᠦᠴᠢᠷᠳᠡᠯ ᠤᠨ ᠬᠦᠨᠳᠦ ᠨᠣᠴᠢᠲᠠᠶ ᠨᠥᠯᠥᠭᠡᠯᠡᠯ ᠳᠣᠤᠷ᠎ᠠ᠂ ᠨᠢᠳᠤᠨᠤᠨ ᠮᠠᠨ ᠤ ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠲᠤᠭ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠵᠡᠷᠭᠡ ᠬᠡᠰᠡᠭ ᠭᠤᠤᠯ ᠪᠣᠯᠬᠤ ᠭᠦᠢᠴᠡᠳᠬᠡᠯ ᠲᠤᠭ᠎ᠠ ᠨᠢ ᠵᠢᠯ ᠤᠨ ᠡᠬᠢᠨ ᠤ ᠮᠡᠳᠡᠭᠦᠯᠦᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠴᠢᠳᠠᠭᠰᠠᠨ ᠥᠬᠡᠶ ᠪᠣᠯᠪᠠᠴᠤ ᠡᠲᠡᠭᠡᠷ ᠭᠦᠢᠴᠡᠳᠬᠡᠯ ᠲᠤᠭ᠎ᠠ ᠶᠢᠨ ᠨᠡᠮᠡᠭᠳᠡᠯ ᠬᠤᠷᠳᠤᠴᠠ ᠨᠢ ᠴᠥᠮ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠬᠤ ᠪᠤᠶᠤ ᠲᠡᠩᠴᠡᠵᠦ᠂ ᠶᠡᠷᠦᠩᠬᠡᠶ ᠳᠡᠭᠡᠨ ᠵᠦᠶ ᠵᠣᠬᠢᠰᠲᠠᠶ ᠬᠡᠪᠴᠢᠶᠡᠨ ᠳᠤ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠦᠨᠡᠬᠡᠷ ᠬᠢᠯᠪᠠᠷ ᠪᠣᠰᠤ ᠶᠤᠮ᠃ ᠪᠢᠳᠡ ᠦᠨᠡᠨ ᠢ ᠪᠠᠷᠢᠮᠲᠠᠯᠠᠵᠤ᠂ ᠬᠦᠴᠢᠷᠳᠡᠯ ᠪᠠ ᠥᠷᠢᠰᠥᠯᠳᠦᠭᠡᠨ ᠢ ᠨᠠᠷᠢᠨ ᠬᠢᠨᠠᠮᠠᠭᠠᠢ ᠵᠥᠪ ᠢᠶᠠᠷ ᠲᠠᠨᠢᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ ᠠᠵᠢᠯ ᠤᠨ ᠰᠡᠳᠬᠢᠴᠡ ᠪᠠᠨ ᠴᠠᠭ ᠦᠶ᠎ᠡ ᠳᠤᠨᠢ ᠲᠣᠬᠢᠷᠠᠭᠤᠯᠤᠨ᠂ ᠵᠢᠱᠢᠭᠰᠡᠨ ᠭᠦᠢᠴᠡᠳᠬᠡᠯ ᠲᠤᠭ᠎ᠠ ᠪᠠᠨ ᠴᠠᠭ ᠲᠤᠬᠠᠢ ᠳᠤᠨᠢ ᠲᠣᠬᠢᠷᠠᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠲᠡᠰᠢ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠢ ᠲᠡᠭᠦᠰ ᠠᠮᠵᠢᠯᠲᠠ ᠲᠠᠢ ᠲᠡᠭᠦᠰᠭᠡᠬᠦ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ᠃ ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠷᠭᠢᠴᠡᠭᠦᠯᠦᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠠᠷᠠᠯᠠᠯ ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠲᠠ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ᠣᠨᠴᠠ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠣᠨᠴᠠᠭᠠᠶᠢᠯᠠᠨ 2019 ᠣᠨ ᠤ 7 ᠰᠠᠷ᠎ᠠ ᠶᠢᠨ 15 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠯᠠᠭᠠᠨᠬᠠᠳᠠ ᠳᠤ ᠢᠷᠡᠵᠦ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠪᠠ᠃ ᠡᠨᠡ ᠪᠣᠯ ᠮᠠᠨ ᠤ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠥᠭᠭᠦᠭᠰᠡᠨ ᠲᠣᠳᠤᠨᠤ ᠬᠠᠯᠠᠮᠵᠢᠯᠠᠯ ᠪᠠ ᠯᠣᠲᠤ ᠶᠡᠭᠡ ᠵᠣᠷᠢᠬᠵᠢᠭᠤᠯᠤᠯ ᠪᠣᠯᠤᠨ᠎ᠠ᠂ ᠪᠥᠬᠦ ᠬᠤᠲᠠ ᠳᠠᠶᠠᠭᠠᠷ ᠤᠷᠮᠠᠰᠢᠨ ᠵᠣᠷᠢᠬᠵᠢᠵᠤ᠂ ᠰᠢᠨ᠎ᠡ ᠴᠠᠭ ᠦᠶ᠎ᠡ ᠶᠢᠨ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠠᠤᠭ᠎ᠠ ᠶᠡᠭᠡ ᠬᠦᠴᠦᠨ ᠨᠡᠮᠡᠷᠢᠯᠡᠪᠡ᠃ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠭᠢᠴᠡᠭᠦᠯᠪᠡᠯ᠂ ᠪᠥᠬᠦ ᠬᠤᠲᠠ ᠶᠢᠨ ᠠᠷᠠᠳ ᠲᠦᠮᠡᠨ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠨ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠢᠯᠡᠳᠲᠡ ᠠᠮᠵᠢᠯᠲᠠ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠪᠢᠳᠡ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠶᠡᠬᠡᠰᠬᠡᠬᠦ ᠶᠢ ᠪᠠᠷᠢᠮᠲᠠᠯᠠᠵᠤ᠂ ᠣᠷᠤᠨ ᠨᠤᠲᠤᠭ ᠤᠨ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠦ ᠬᠤᠲᠠ ᠶᠢᠨ ᠣᠷᠤᠨ ᠨᠤᠲᠤᠭ ᠤᠨ ᠦᠢᠯᠡᠳᠪᠦᠷᠢᠯᠡᠯ ᠤᠨ ᠪᠥᠬᠦ ᠥᠷᠲᠡᠭ ᠵᠢᠯ ᠪᠦᠷᠢ ᠳᠤᠮᠳᠠᠴᠢ ᠪᠠᠷ 4.6% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ 1763.6 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠳᠥᠷᠪᠡᠳᠦᠭᠡᠷ ᠲᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠲᠡᠷᠢᠭᠦᠨ ᠳᠤ᠂ ᠵᠡᠭᠦᠨ ᠬᠤᠶᠢᠲᠤ ᠣᠷᠣᠨ ᠤ ᠳᠣᠯᠣᠳᠤᠭᠠᠷ ᠲᠤ ᠳᠤᠭᠳᠠᠭᠤᠨ ᠪᠠᠶᠢᠷᠢᠯᠠᠪᠠ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠨᠢ ᠵᠢᠯ ᠪᠦᠷᠢ ᠳᠤᠮᠳᠠᠴᠢ ᠪᠠᠷ 1.5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ ᠵᠢᠯ ᠪᠦᠷᠢ ᠳᠤᠮᠳᠠᠴᠢ ᠪᠠᠷ 4.2% ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠭᠤᠨ ᠳ᠋ᠦᠩᠰᠢᠭᠤᠷ ᠲᠥᠭᠦᠷᠢᠭ ᠢ ᠳᠠᠪᠠᠵᠤ᠂ 118.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 2.5% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 614.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 8.2% ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠮᠤᠨ ᠪᠦᠷᠢ ᠶᠢᠨ ᠳᠡᠭᠰᠢᠳᠬᠡᠬᠡᠳ ᠵᠠᠷᠤᠴᠠᠭᠤᠯᠵᠤ ᠪᠣᠯᠬᠤ ᠣᠷᠣᠯᠭ᠎ᠠ ᠵᠢᠯ ᠪᠦᠷᠢ ᠲᠡᠭᠰᠢᠳᠬᠡᠭᠡᠳ ᠲᠤᠰᠪᠤᠷᠢ 6.7% ᠪᠠ 9.3% ᠨᠡᠮᠡᠭᠳᠡᠵᠦ᠂ ᠢᠮᠠᠭᠲᠠ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠨ᠎ᠠ᠃ ᠲᠠᠪᠤᠨ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ 152 ᠰᠢᠨ᠎ᠡ ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 83 ᠡᠷᠦᠬᠡ ᠪᠣᠯᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠳᠡᠰ ᠳᠡᠪᠰᠢᠵᠦ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠬᠤ ᠨᠢ ᠤᠳᠠᠯ ᠦᠭᠡᠢ ᠵᠥᠪᠰᠢᠶᠡᠷᠡᠭᠳᠡᠵᠦ᠂ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠪᠡ᠃ ᠵᠠᠭᠤᠨ ᠲᠦᠮᠡᠨ ᠲᠣᠨ ᠤ ᠵᠡᠰ ᠤᠨ ᠳᠠᠪᠠᠭᠤᠯᠢᠭ ᠦᠢᠯᠡᠳᠪᠦᠷᠢᠯᠡᠬᠦ ᠴᠢᠳᠠᠪᠤᠷᠢ ᠶᠢ ᠨᠢᠭᠡᠨᠲᠡ ᠪᠤᠢ ᠪᠣᠯᠭᠠᠵᠤ᠂ ᠵᠠᠭᠤᠨ ᠳ᠋ᠦᠩᠰᠢᠭᠤᠷ ᠤᠨ ᠲᠡᠰ ᠤᠨ ᠠᠮᠢᠳᠤ ᠪᠣᠳᠠᠰ ᠤᠨ ᠡᠮ ᠡᠮᠨᠡᠯᠭᠡ᠂ ᠵᠠᠭᠤᠨ ᠳ᠋ᠦᠩᠰᠢᠭᠤᠷ ᠤᠨ ᠲᠡᠰ ᠤᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠮᠢᠩᠭᠠᠨ ᠳ᠋ᠦᠩᠰᠢᠭᠤᠷ ᠤᠨ ᠲᠡᠰ ᠤᠨ ᠲᠡᠮᠦᠷᠯᠢᠭ ᠪᠣᠯᠪᠠᠰᠤᠷᠠᠭᠤᠯᠬᠤ ᠂ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢᠨ ︽ᠬᠤᠣᠰ ᠵᠠᠭᠤ ᠬᠤᠣᠰ ᠮᠢᠩᠭ᠎ᠠ︾ ᠶᠢᠨ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠳᠡᠳ᠋ ᠭᠠᠷᠠᠮ ᠣᠶᠢᠷᠠᠯᠴᠠᠭ᠎ᠠ ᠠᠵᠤ ᠦᠢᠯᠡᠰ ᠤᠨ ᠲᠣᠭᠤᠷᠢᠭ ᠢ ᠡᠬᠢᠯᠡᠭᠦᠯᠪᠡ᠃ ᠪᠦᠬᠦ ᠬᠤᠲᠠ ᠶᠢᠨ ᠠᠮᠤ ᠪᠤᠳᠠᠭᠠᠨ ᠤ ᠤᠨᠠᠯᠲᠠ ᠨᠢ ᠨᠠᠢᠮᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠦᠬᠦᠭᠡᠷᠦᠮᠵᠢᠲᠦ ᠲᠠᠷᠢᠶᠠᠯᠠᠩ ᠤᠨ ᠲᠠᠯᠠᠪᠠᠶ ᠪᠣᠯᠤᠨ ᠮᠠᠯ ᠤᠨ ᠲᠤᠭ᠎ᠠ ᠲᠣᠯᠣᠭᠠᠶ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠦ᠂ ᠥᠨᠳᠥᠷ ᠦᠷ᠎ᠡ ᠠᠰᠢᠭᠲᠤ ᠤᠰᠤ ᠠᠷᠪᠢᠯᠠᠬᠤ ᠲᠠᠷᠢᠮᠠᠯ ᠤᠨ ᠲᠠᠯᠠᠪᠠᠶ 516 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠪᠠ ᠠᠵᠤ ᠠᠬᠤᠢ ᠶᠢᠨ ᠲᠠᠷᠢᠮᠠᠯ ᠤᠨ ᠬᠠᠷᠢᠴᠠᠯ ᠢ 68᠄ 32 ᠪᠣᠯᠭᠠᠨ ᠰᠢᠯᠢᠳᠡᠭᠵᠢᠭᠦᠯᠵᠦ᠂ ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠠᠩᠬᠠᠳᠠᠭᠴᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠲᠣᠭᠤᠷᠢᠭ ᠤᠨ ︽ᠢᠳᠡᠰᠢᠨ ᠨᠣᠭᠤᠭ᠎ᠠ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠪᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠠᠴᠢᠶᠠᠯᠠᠪᠤᠷᠢ ᠶᠢᠨ ᠬᠤᠲᠠ ᠪᠠᠷ ᠵᠥᠪᠰᠢᠶᠡᠷᠡᠭᠳᠡᠵᠦ᠂ ︽ᠴᠠᠬᠢᠮ ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠮᠠᠯᠵᠢᠬᠤ ᠣᠷᠤᠨ ᠳᠤ ᠣᠷᠤᠭᠤᠯᠬᠤ ᠶᠡᠷᠥᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠦᠯ ᠵᠦᠢᠯ︾ ᠤᠨ ᠨᠡᠶᠢᠳᠡᠮ ᠪᠦᠷᠬᠦᠯᠲᠡ ᠶᠢ ᠪᠡᠶᠡᠯᠡᠭᠦᠯᠪᠡ᠃ ︽ᠵᠢᠷᠭᠤᠭᠠᠨ ᠶᠡᠭᠡ ᠵᠢᠭᠤᠯᠴᠢᠯᠠᠯ ᠤᠨ ᠰᠣᠳᠤ︾ ᠪᠠᠷ ᠭᠤᠣᠯ ᠪᠣᠯᠭᠠᠭᠰᠠᠨ ︽ᠭᠤᠷᠪᠠᠨ ᠠᠯᠬᠤᠮ ᠢᠶᠠᠷ ᠶᠠᠪᠤᠬᠤ︾ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠰᠬᠠᠲᠤ ᠶᠢᠨ ᠴᠢᠯᠠᠭᠤᠨ ᠣᠢ ᠨᠢ ᠤᠯᠤᠰ ᠤᠨ 5A ᠲᠡᠰ ᠤᠨ ᠦᠵᠡᠮᠵᠢ ᠶᠢᠨ ᠣᠷᠣᠨ ᠪᠣᠯᠤᠨ ᠳᠡᠪᠰᠢᠵᠦ᠂ ᠪᠦᠬᠦ ᠬᠤᠲᠠ ᠵᠤᠭᠠᠴᠠᠭᠰᠠᠳ ᠢ ᠨᠡᠶᠢᠲᠡ 8657 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1349 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 18 ᠰᠢᠨ᠎ᠡ ᠪᠠᠷ ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠲᠣᠰᠪᠣᠷᠢ 1111 ᠳ᠋ᠦᠩᠰᠢᠭᠤᠷ ᠲᠥᠭᠦᠷᠢᠭ ᠪᠠ 992 ᠳ᠋ᠦᠩᠰᠢᠭᠤᠷ ᠲᠥᠭᠦᠷᠢᠭ ᠨᠡᠮᠡᠭᠳᠡᠵᠦ᠂ 74.3% ᠪᠠ 85.3% ᠪᠠᠷ ᠨᠡᠮᠡᠭᠳᠡᠵᠦ᠂ ᠰᠲ᠋ᠣᠺ ᠤᠨ ᠵᠠᠬ᠎ᠠ ᠳᠤ ᠭᠠᠷᠴᠤ᠂ ᠠᠵᠢᠯ ᠡᠷᠬᠢᠯᠡᠭᠰᠡᠨ ᠠᠵᠤ ᠠᠬᠤᠶᠢᠯᠠᠯ 242 ᠪᠣᠯᠪᠠ᠃ ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ ᠵᠠᠰᠠᠭ ᠤᠨ ᠣᠷᠳᠣᠨ ᠤ ᠬᠦᠷᠢᠶ᠎ᠡ ᠬᠡᠪᠴᠢᠶᠡᠨ ᠳᠠᠬᠢ 578 ᠭᠤᠣᠯᠳᠠᠯᠭᠠᠲᠠᠢ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠦᠨ᠂ 266 ᠥᠭᠡᠷᠡᠴᠢᠯᠡᠯᠲᠡ ᠶᠢᠨ ᠦᠷ᠎ᠡ ᠪᠦᠲᠦᠭᠡᠯ ᠣᠯᠵᠤ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠬᠤᠲᠠ ᠶᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠡᠯᠪᠡᠷᠢ ᠶᠢ ᠳᠡᠯᠭᠡᠷᠡᠭᠦᠯᠦᠭᠰᠡᠨ ᠦᠷ᠎ᠡ ᠪᠦᠲᠦᠮᠵᠢ ᠢᠯᠡᠷᠬᠡᠢ ᠬᠤᠲᠠ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢᠲᠡᠢ ᠭᠠᠵᠠᠷ ᠤᠷᠤᠨ ᠢᠶᠠᠷ ᠬᠥᠬᠢᠭᠦᠯᠪᠡ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠷᠠᠯᠵᠢᠶᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠬᠤᠰᠢᠭᠤᠷᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ 95 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠬᠡᠯᠲᠦᠷᠢᠭᠦᠯᠵᠦ ᠬᠠᠰᠤᠪᠠ᠃ ︽ᠤᠯᠠᠭᠠᠨᠬᠠᠳᠠ ᠨᠤᠲᠤᠭ ᠲᠠᠢ ᠰᠣᠳᠣᠨᠴᠣᠳ ᠤᠨ ᠴᠤᠭᠯᠠᠭᠠᠨ︾ ᠢᠶᠠᠷ ᠴᠢᠬᠤᠯᠠ ᠲᠠᠪᠴᠠᠩ ᠪᠣᠯᠭᠠᠭᠰᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠰᠢᠨ᠎ᠡ ᠬᠡᠯᠪᠡᠷᠢ ᠶᠢ ᠬᠡᠷᠡᠭᠵᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠤᠯᠤᠰ ᠤᠨ ᠳᠣᠲᠣᠭᠠᠳᠤ ᠪᠠ ᠣᠷᠣᠨ ᠤ ᠭᠠᠳᠠᠨᠠᠬᠢ ᠪᠡᠯᠡ ᠮᠥᠩᠭᠦ ᠶᠢ ᠨᠡᠶᠢᠲᠡ 1324 ᠳ᠋ᠦᠩᠰᠢᠭᠤᠷ ᠲᠥᠭᠦᠷᠢᠭ ᠣᠷᠣᠭᠤᠯᠵᠤ ᠠᠪᠴᠢᠷᠠᠪᠠ᠃ ᠤᠯᠠᠭᠠᠨᠬᠠᠳᠠ ᠮᠠᠨᠵᠤᠤᠷ ᠧᠦ᠋ᠷᠣᠫᠠ ᠶᠢᠨ ᠣᠯᠠᠨ ᠤᠯᠤᠰ ᠤᠨ ᠡᠭᠡᠯᠵᠢ ᠶᠢᠨ ᠭᠠᠯᠲᠤ ᠲᠡᠷᠭᠡ ᠨᠡᠪᠲᠡᠷᠡᠵᠦ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ ᠤᠨ ᠬᠤᠲᠠ ᠪᠠᠷ ᠵᠥᠪᠰᠢᠶᠡᠷᠡᠭᠳᠡᠪᠡ᠃ ᠲᠠᠪᠤᠨ ᠵᠢᠯ ᠤᠨ ᠲᠤᠷᠰᠢ᠂ ᠪᠢᠳᠠ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ 353 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠲᠣᠭᠤᠷᠢᠭ ᠤᠨ ᠵᠠᠮ 300 ᠺᠢᠯᠣᠮᠧᠳ᠋ᠷ᠂ ᠡᠯ᠎ᠡ ᠲᠥᠷᠥᠯ ᠤᠨ ᠬᠤᠭᠤᠯᠠᠢ ᠲᠣᠣᠷ 1968 ᠺᠢᠯᠣᠮᠧᠳ᠋ᠷ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ 9.5 ᠲᠦᠮᠡᠨ ᠲᠣᠨ᠂ ᠢᠯᠴᠢ ᠬᠠᠩᠭᠠᠬᠤ ᠲᠠᠯᠠᠪᠠᠢ 2850 ᠲᠦᠮᠡᠨ ᠲᠡᠭᠰᠢ ᠳᠥᠷᠪᠡᠯᠵᠢᠨ ᠮᠧᠳ᠋ᠷ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ 653 ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠠᠮᠵᠢᠯᠲᠠ ᠲᠠᠢ ᠪᠠᠷ ᠪᠥᠲᠦᠭᠡᠨ ᠪᠠᠶᠢᠭᠤᠯᠵᠤ᠂ ᠭᠤᠣᠯ ᠬᠤᠲᠠ ᠵᠢᠴᠢ ᠬᠤᠰᠢᠭᠤ ᠰᠢᠶᠠᠨ ᠤ ᠲᠥᠪ ᠪᠠᠯᠭᠠᠰᠤᠨ ᠤ ᠳᠠᠭᠠᠭᠠᠴᠠ ᠶᠢᠨ ᠴᠢᠳᠠᠪᠤᠷᠢ ᠪᠠ ᠰᠠᠭᠤᠷᠢᠰᠢᠬᠤ ᠳᠤ ᠲᠣᠬᠢᠷᠠᠮᠵᠢᠲᠠᠢ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠪᠦᠬᠦ ᠬᠤᠲᠠ ᠳᠤ 470 ᠺᠢᠯᠣᠮᠧᠳ᠋ᠷ ᠳᠡᠭᠡᠳᠦ ᠲᠠᠰ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 8100 ᠺᠢᠯᠣᠮᠧᠳ᠋ᠷ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠨᠥᠬᠦᠴᠡᠯ ᠪᠦᠷᠢᠳᠦᠭᠦᠯᠦᠭᠰᠡᠨ ᠪᠠᠶᠢᠭᠤᠯᠤᠯᠳᠠᠲᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠢ ᠵᠠᠭᠤᠨ ᠤ ᠵᠠᠭᠤ ᠪᠠᠷ ᠨᠡᠪᠲᠡᠷᠡᠭᠦᠯᠵᠦ᠂ ᠠᠶᠠᠨᠴᠢᠳ ᠤᠨ ᠲᠡᠷᠭᠡ ᠨᠡᠪᠳᠡᠷᠡᠬᠦ ᠶᠢ ᠪᠡᠶᠡᠯᠡᠭᠦᠯᠵᠦ᠂ ᠬᠠᠰ ᠯᠣᠣ ᠨᠢᠰᠬᠡᠯ ᠤᠨ ᠪᠠᠭᠤᠳᠠᠯ ᠤᠨ ᠵᠢᠯ ᠤᠨ ᠢᠷᠡᠵᠦ ᠶᠠᠪᠤᠬᠤ ᠠᠶᠠᠨᠴᠢᠳ 180 ᠲᠦᠮᠡᠨ ᠬᠥᠮᠦᠨ ᠤᠳᠠᠭ᠎ᠠ ᠶᠢ ᠳᠠᠪᠠᠵᠤ᠂ ᠣᠯᠠᠨ ᠵᠢᠯ ᠬᠦᠰᠡᠭᠰᠡᠨ ᠥᠨᠳᠦᠷ ᠬᠤᠷᠳᠤᠴᠠᠲᠤ ᠲᠡᠮᠦᠷ ᠵᠠᠮ ᠤᠨ ᠬᠦᠰᠡᠯ ᠪᠡᠶᠡᠯᠡᠭᠳᠡᠪᠡ᠃ ᠳ᠋ᠦᠩ ᠲᠠᠶᠢᠽᠢ ᠤᠰᠤᠨ ᠴᠥᠭᠦᠷᠥᠮ ᠢ ᠡᠬᠢᠯᠡᠨ ᠪᠠᠶᠢᠭᠤᠯᠵᠤ᠂ ᠣᠷᠣᠨ ᠠᠯᠤᠰᠯᠠᠨ ᠤᠰᠤ ᠲᠠᠲᠠᠬᠤ ᠢᠨᠵᠧᠨᠧᠷᠢᠩ ᠴᠢᠬᠤᠯᠠ ᠶᠡᠭᠡ ᠠᠬᠢᠯᠲᠠ ᠲᠠᠢ ᠪᠣᠯᠵᠤ᠂ ᠡᠨᠧᠷᠭᠢ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠦᠵᠡᠰᠬᠦᠯᠡᠩᠲᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠢᠳᠡᠬᠦ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ ᠲᠠᠪᠤᠨ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠪᠣᠳᠤᠯᠬᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ︽ᠤᠯᠠᠭᠠᠨᠬᠠᠳᠠ ᠬᠤᠲᠠ ᠶᠢᠨ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠳᠦᠷᠢᠮ︾ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ︽ᠤᠯᠠᠭᠠᠨᠬᠠᠳᠠ ᠬᠤᠲᠠ ᠶᠢᠨ ᠬᠥᠳᠡᠭᠡ ᠲᠤᠰᠬᠤᠨ ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ︾ ︽ᠤᠯᠠᠭᠠᠨᠬᠠᠳᠠ ᠬᠤᠲᠠ ᠶᠢᠨ ᠲᠣᠭᠤᠰᠤᠨ ᠤ ᠪᠣᠬᠢᠷᠳᠠᠯ ᠢ ᠰᠡᠷᠭᠡᠶᠢᠯᠡᠨ ᠵᠠᠰᠠᠬᠤ ᠲᠥᠷᠢᠮ︾ ᠢ ᠲᠣᠭᠲᠠᠭᠠᠨ ᠬᠡᠷᠡᠭᠵᠢᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠪᠠ᠃ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠳᠤᠮᠳᠠ ᠤᠰᠤ ᠪᠠ ᠳᠠᠬᠢᠯᠲᠠ ᠤᠰᠤ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠬᠤ ᠤᠰᠤ ᠡᠵᠡᠮᠳᠡᠬᠦ ᠲᠥᠷᠥᠯ ᠵᠦᠢᠯ ᠢ ᠶᠡᠭᠡ ᠬᠡᠪᠴᠢᠶ᠎ᠡ ᠪᠠᠷ ᠬᠡᠷᠡᠭᠵᠢᠭᠦᠯᠪᠡ᠃ ᠣᠶ ᠮᠣᠳᠣ ᠲᠠᠷᠢᠬᠤ ᠪᠠ ᠬᠥᠮᠦᠨ ᠤ ᠬᠦᠴᠦ ᠪᠠᠷ ᠡᠪᠡᠰᠦ ᠲᠠᠷᠢᠬᠤ ᠶᠢ 1622 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠬᠦᠷᠦᠰᠦᠨ ᠤ ᠬᠠᠮᠠᠭᠠᠯᠠᠯᠲᠠ ᠶᠢᠨ ᠵᠠᠰᠠᠯᠲᠠ ᠶᠢ 707 ᠲᠦᠮᠡᠨ ᠮᠦ᠂ ᠭᠤᠣᠯᠳᠠᠯᠭᠠᠲᠠᠢ ᠣᠷᠣᠨ ᠤ ᠨᠣᠭᠤᠭᠠᠷᠠᠭᠤᠯᠤᠯᠲᠠ ᠶᠢ 87 ᠲᠦᠮᠡᠨ ᠮᠦ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.8% ᠳᠤ ᠬᠦᠷᠪᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 70.5 ᠲᠡᠭᠰᠢ ᠳᠥᠷᠪᠡᠯᠵᠢᠨ ᠺᠢᠯᠣᠮᠧᠳ᠋ᠷ ᠥᠷᠨᠢᠭᠦᠯᠵᠦ᠂ ᠪᠣᠬᠢᠷᠲᠤᠯ ᠦᠭᠡᠢ ᠠᠭᠤᠷᠬᠠᠢ ᠶᠢ ᠨᠡᠶᠢᠲᠡ 71 ᠪᠠᠶᠢᠭᠤᠯᠪᠠ᠃ ᠲᠠᠪᠤᠨ ᠵᠢᠯ ᠤᠨ ᠲᠤᠷᠰᠢ᠂ ᠪᠢᠳᠠ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ 1992 ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ 1.5 ᠳᠠᠬᠢᠨ ᠪᠣᠯᠪᠠ᠃ 46.8 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠲᠠᠰ ᠤᠨ 8 ᠶᠠᠳᠠᠭᠤ ᠬᠦᠴᠢᠷᠳᠡᠯᠲᠡᠶ ᠰᠢᠶᠠᠨ᠂ ᠣᠷᠣᠨ ᠤ ᠲᠠᠰ ᠤᠨ 2 ᠶᠠᠳᠠᠭᠤ ᠬᠦᠴᠢᠷᠳᠡᠯᠲᠡᠶ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠠᠭᠠᠨᠬᠠᠳᠠ ᠶᠢᠨ ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ ᠶᠡᠷᠦᠩᠬᠡᠶ ᠰᠠᠶᠢᠳ ᠯᠢ ᠺᠧ ᠴᠢᠶᠠᠩ ᠤᠨ ᠠᠩᠬᠠᠷᠴᠤ ᠪᠠᠶᠢᠭ᠎ᠠ ᠲᠡᠮᠦᠷ ᠵᠠᠮ ᠤᠨ ᠡᠮᠦᠨᠡᠬᠢ ᠲᠥᠬᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠤᠤᠯ ᠬᠤᠲᠠ ᠲᠣᠭᠤᠷᠢᠭ ᠤᠨ ᠲᠥᠪᠯᠡᠷᠡᠨ ᠵᠠᠯᠭᠠᠯᠳᠤᠭᠰᠠᠨ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠦᠨᠳᠦᠰᠦᠨ ᠳᠡᠭᠡᠨ ᠦᠭᠡᠷᠡᠴᠢᠯᠡᠵᠦ᠂ 190.4 ᠲᠦᠮᠡᠨ ᠲᠡᠭᠰᠢ ᠳᠥᠷᠪᠡᠯᠵᠢᠨ ᠮᠧᠳ᠋ᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠭᠤᠣᠯ ᠬᠤᠲᠠ ᠶᠢᠨ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠪᠠ ᠬᠥᠳᠡᠭᠡ ᠲᠤᠰᠬᠤᠨ ᠮᠠᠯᠵᠢᠬᠤ ᠣᠷᠣᠨ ᠤ ᠪᠠᠭᠤᠷᠠᠶ ᠰᠤᠷᠭᠠᠭᠤᠯᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠂ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 88 ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 5.5 ᠲᠥᠮᠡᠨ ᠰᠣᠷᠣᠭᠴᠢ ᠶᠢᠨ ᠣᠷᠣ ᠨᠡᠮᠡᠭᠳᠡᠭᠦᠯᠵᠦ᠂ ︽ᠬᠤᠲᠠ ᠰᠢᠬᠠᠭᠤ᠂ ᠬᠥᠳᠡᠭᠡ ᠲᠣᠰᠬᠤᠨ ᠪᠠᠭᠤᠷᠠᠶ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠪᠠᠷᠢᠮᠵᠢᠶ᠎ᠠ ᠳᠤ ᠬᠦᠷᠦᠭᠦᠯᠵᠦ ᠰᠢᠯᠭᠠᠨ ᠠᠪᠬᠤ ᠶᠢ ᠪᠦᠷᠢᠨ ᠪᠦᠷᠬᠦᠭᠦᠯᠵᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠡᠪᠲᠡᠷᠡᠯᠴᠡᠭᠦᠯᠦᠨ ᠬᠥᠮᠦᠵᠢᠭᠦᠯᠬᠦ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ᠃ 56 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠢ ᠪᠦᠬᠦᠨ ᠢᠶᠠᠷ ᠢᠶᠠᠨ ᠬᠤᠶᠠᠳᠤᠭᠠᠷ ᠬᠥᠬᠡ ᠲᠠᠰ ᠠᠴᠠ ᠳᠡᠭᠡᠭᠰᠢ ᠳᠤ ᠬᠥᠷᠪᠡ᠃ 14.6 ᠲᠦᠮᠡᠨ ᠲᠡᠭᠰᠢ ᠳᠥᠷᠪᠡᠯᠵᠢᠨ ᠮᠧᠳ᠋ᠷ ᠤᠨ ᠰᠣᠶᠣᠯ ᠮᠦᠽᠧᠢ ᠶᠢᠨ ᠲᠠᠯᠠᠪᠤᠷ ᠭᠠᠵᠠᠷ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠤᠯᠠᠭᠠᠨᠮᠥ᠋ᠴᠢᠷ ᠵᠡᠷᠭᠡ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠠᠵᠢᠯ ᠤᠯᠭᠤᠵᠤ ᠠᠳᠠᠯ ᠦᠢᠯᠡᠰ ᠴᠣᠭᠴᠠᠯᠠᠬᠤ ᠂ ᠨᠡᠶᠢᠭᠡᠮ ᠤᠨ ᠪᠠᠲᠤᠯᠠᠭ᠎ᠠ᠂ ᠣᠯᠠᠨ ᠲᠦᠮᠡᠨ ᠤ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠴᠡᠴᠡᠭᠯᠡᠨ ᠬᠥᠭᠵᠢᠵᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠵᠡᠷᠭᠡ ᠨᠡᠶᠢᠭᠡᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠨ ᠠᠰᠠᠷᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠢᠨᠠᠨ ᠪᠣᠳᠤᠬᠤ ᠲᠤᠭ᠎ᠠ ᠪᠦᠷᠢᠳᠬᠡᠯ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠴᠠᠭ ᠠᠭᠤᠷ ᠭᠠᠵᠠᠷ ᠬᠥᠳᠡᠯᠦᠯᠲᠡ᠂ ᠳᠠᠩᠰᠠ ᠡᠪᠬᠡᠮᠡᠯ ᠲᠡᠦᠬᠡ ᠲᠡᠮᠳᠡᠭᠯᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠡᠮᠡᠭᠲᠡᠶᠢᠴᠦᠳ ᠬᠡᠤᠬᠡᠳ᠂ ᠦᠳᠡᠭᠦᠰᠴᠦᠳ᠂ ᠨᠢᠭᠦᠯᠡᠰᠦᠩᠭᠦᠶ᠂ ᠤᠯᠠᠭᠠᠨ ᠵᠠᠭᠠᠯᠮᠠᠶᠢᠲᠠᠨ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ ᠲᠠᠪᠤᠨ ᠵᠢᠯ ᠤᠨ ᠲᠤᠷᠰᠢ᠂ ᠪᠢᠳᠡ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ ᠢᠮᠠᠭᠲᠠ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠲᠠ ᠪᠦᠬᠦ ᠣᠷᠤᠨ ᠤ ᠬᠠᠤᠯᠢᠵᠢᠯ ᠤᠨ ᠵᠠᠰᠠᠭ ᠤᠨ ᠣᠷᠳᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠡᠶᠢᠲᠡ 1461 ᠬᠤᠪᠢ ᠭᠦᠢᠴᠡᠳᠭᠡᠵᠦ᠂ ᠭᠦᠢᠴᠡᠳᠬᠡᠵᠦ ᠳᠠᠭᠤᠰᠬᠠᠭᠰᠠᠨ ᠨᠤᠷᠮ᠎ᠠ 100% ᠳᠤ ᠬᠦᠷᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠤᠯᠠᠷᠠᠰᠢ ᠦᠭᠡᠢ ᠵᠠᠯᠠᠷᠠᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠶᠡᠬᠡᠪᠡᠷ ᠪᠠᠭᠠᠰᠬᠠᠨ᠂ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠣᠯ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ᠂ ᠬᠦᠴᠦᠲᠡᠢ ᠬᠠᠪᠰᠤᠷᠤᠯᠭ᠎ᠠ ᠶᠢᠨ ᠦᠷ᠎ᠡ ᠳ᠋ᠦᠩ ᠮᠥᠨ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠠᠮᠵᠢᠵᠤ ᠪᠠᠶᠢᠭ᠎ᠠ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号