ᠠᠮᠵᠢᠯᠲᠠ ᠪᠠᠨ ᠨᠤᠲᠠᠯᠠᠬᠤ ᠶᠢᠨ ᠵᠡᠷᠭᠡᠪᠡᠷ ᠪᠢᠳᠡ ᠪᠠᠰᠠ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ | ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠣᠭᠲᠠᠪᠤᠷᠢ ᠥᠬᠡᠶ ᠴᠢᠨᠠᠷ ᠣᠷᠣᠰᠢᠵᠤ᠂ | ᠠᠵᠤ ᠠᠬᠤᠶ ᠶᠢᠨ ᠬᠥᠭᠵᠢᠯᠲᠡ ᠶᠢ ᠨᠥᠯᠥᠭᠡᠯᠡᠬᠦ ᠭᠠᠳᠠᠭᠠᠳᠤ ᠬᠦᠴᠦᠨ ᠵᠦᠢᠯ ᠪᠤᠳᠤᠯᠢᠶᠠᠨᠲᠠᠶ ᠪᠥᠭᠡᠳ ᠬᠤᠪᠢᠷᠠᠯᠲᠠ | ᠶᠡᠬᠡᠲᠡᠶ ᠪᠠᠶᠢᠨ᠎ᠠ᠃ ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦᠨ ᠮᠡᠬᠦᠰᠳᠡᠵᠦ᠂ ᠬᠡᠷᠡᠭᠯᠡᠭᠡᠨ ᠤ ᠨᠡᠮᠡᠭᠳᠡᠯ ᠤᠨ | ᠬᠤᠷᠳᠤᠴᠠ ᠤᠳᠠᠭᠠᠰᠢᠷᠠᠨ᠂ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠢ ᠶᠢᠨ ᠰᠡᠷᠭᠦᠨ ᠳᠡᠭᠡᠭᠰᠢᠯᠡᠬᠦ ᠰᠠᠭᠤᠷᠢ ᠪᠠᠲᠤ | ᠪᠠᠬᠢ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠢ᠂ ᠴᠢᠳᠠᠪᠤᠷᠢᠲᠠᠨ | ᠳᠤᠲᠠᠭᠳᠠᠵᠤ ᠪᠠᠶᠢᠭ᠎ᠠ ᠠᠰᠠᠭᠤᠳᠠᠯ ᠨᠢ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠬᠤ ᠬᠦᠨᠲᠦ ᠨᠣᠴᠢᠲᠠᠢ ᠪᠣᠭᠤᠮᠢ | ᠪᠣᠯᠪᠠ᠃ ᠠᠵᠤ ᠦᠢᠯᠡᠰ ᠤᠨ ᠬᠥᠭᠵᠢᠯᠲᠡ ᠳᠤ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠪᠠ ᠨᠡᠮᠡᠭᠳᠡᠯ ᠤᠨ | ᠬᠡᠮᠵᠢᠶ᠎ᠡ ᠶᠢ ᠳᠡᠭᠡᠭᠰᠢᠯᠡᠭᠦᠯᠬᠦ ᠬᠤᠣᠰ ᠬᠦᠴᠢᠷᠳᠡᠯ᠂ ᠡᠬᠢ ᠪᠠᠶᠠᠯᠢᠭ ᠤᠨ ᠬᠢᠵᠠᠭᠠᠷᠯᠠᠯ ᠪᠠ ᠡᠨᠧᠷᠭᠢ ᠶᠢᠨ | ᠬᠤᠷᠣᠭᠳᠠᠯ ᠤᠨ ᠬᠢᠵᠠᠭᠠᠷᠯᠠᠯ ᠤᠨ ᠬᠤᠣᠰ ᠬᠦᠴᠢᠷᠳᠡᠯ ᠲᠤᠯᠭᠠᠷᠠᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ | ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠡᠭᠦᠷᠭᠡ ᠮᠠᠰᠢ ᠬᠠᠲᠠᠭᠤ ᠪᠡᠷᠬᠡ | ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠲᠦᠢᠯ ᠤᠨ ᠬᠡᠪᠡᠷᠡᠭ ᠪᠠᠶᠢᠵᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠠᠰᠠᠭᠤᠳᠠᠯ ᠮᠥᠨ ᠯᠡ ᠲᠤᠪᠤᠶᠢᠮ᠎ᠠ ᠣᠷᠣᠰᠢᠵᠤ᠂ ᠲᠠᠷᠢᠶᠠᠯᠠᠩ ᠤᠨ | ᠥᠨᠳᠥᠷ ᠪᠦᠲᠦᠮᠵᠢᠲᠡᠢ ᠤᠰᠤ ᠠᠷᠪᠢᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠲᠡᠭᠦᠯᠳᠡᠷᠵᠢᠭᠡᠳᠦᠢ᠂ | ᠭᠤᠣᠯᠳᠠᠯᠭ᠎ᠠ ᠲᠠᠢ ᠰᠠᠪᠠ ᠭᠠᠵᠠᠷ᠂ ᠡᠯᠡᠰᠦᠷᠬᠡᠭᠵᠢᠭᠰᠡᠨ ᠭᠠᠵᠠᠷ ᠨᠤᠲᠤᠭ᠂ ᠤᠯᠠᠨ ᠡᠬᠢᠳᠤ ᠪᠣᠬᠢᠷᠲᠤᠯ ᠵᠡᠷᠭᠡ | ᠲᠠᠯ᠎ᠠ ᠶᠢᠨ ᠵᠠᠰᠠᠯᠲᠠ ᠳᠤ ᠪᠠᠰᠠ ᠮᠠᠰᠢ ᠤᠯᠠᠨ ᠪᠣᠭᠤᠮᠲᠠ ᠰᠢᠪᠲᠤᠯᠬᠤ ᠳᠠᠶᠢᠯᠠᠯᠳᠤᠭᠠᠨ ᠴᠢᠬᠤᠯᠠᠲᠠᠢ ᠪᠠᠶᠢᠨ᠎ᠠ᠃ | ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠭᠦᠢᠴᠡᠳ ᠪᠤᠰᠤ᠂ ᠬᠤᠳᠠ ᠶᠢᠨ ᠬᠠᠮᠢᠶᠠᠷᠤᠯᠲᠠ ᠨᠢ ᠬᠤᠳᠠ ᠶᠢᠨ | ᠪᠦᠳᠦᠭᠡᠨ ᠪᠠᠶᠢᠭᠤᠯᠤᠯᠲᠠ ᠠᠴᠠ ᠬᠤᠴᠣᠷᠴᠤ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ | ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠲᠤᠪᠤᠶᠢᠮ᠎ᠠ ᠪᠠᠶᠢᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠨᠢ | ᠣᠮᠲᠣᠭᠠᠶᠢᠯᠠᠵᠤ ᠪᠣᠯᠤᠰᠢ ᠦᠭᠡᠢ ᠪᠠᠶᠢᠨ᠎ᠠ᠃ ᠬᠥᠮᠦᠨ ᠠᠮᠠ ᠶᠢᠨ ᠨᠠᠰᠤᠵᠢᠯᠲᠠ ᠠᠴᠠ ᠪᠣᠯᠤᠭᠰᠠᠨ ᠠᠰᠠᠭᠤᠳᠠᠯ | ᠲᠤᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶ᠎ᠡ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠳᠤ ᠪᠠᠰᠠ | ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠶᠢᠨ᠎ᠠ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠰᠠᠶᠢᠵᠢᠷᠠᠭᠤᠯᠬᠤ ᠴᠢᠬᠤᠯᠠᠲᠠᠶ ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠦᠵᠡᠯ ᠤᠨ ᠠᠰᠠᠭᠤᠳᠠᠯ ᠪᠠᠰᠠ ᠠᠳᠠᠯᠢ | ᠪᠣᠰᠤ ᠬᠡᠮᠵᠢᠶ᠎ᠡ ᠪᠠᠷ ᠣᠷᠤᠰᠢᠵᠤ ᠪᠠᠶᠢᠨ᠎ᠠ᠃ ᠡᠶᠢᠮᠦ ᠠᠴᠠ ᠪᠢᠳᠡ ᠵᠥᠷᠢᠴᠡᠯ ᠳᠤ ᠰᠢᠭᠤᠳ ᠬᠠᠨᠳᠤᠵᠤ᠂ | ᠠᠰᠠᠭᠤᠳᠠᠯ ᠳᠤ ᠵᠥᠪ ᠢᠶᠠᠷ ᠬᠠᠨᠳᠤᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ | ᠰᠢᠢᠳᠪᠦᠷᠢᠯᠡᠨ᠎ᠡ᠃ ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠠᠭᠠᠨᠬᠠᠳᠠ ᠨᠢᠭᠡᠨᠲᠡ ᠰᠢᠨ᠎ᠡ ᠲᠡᠦᠬᠡ ᠶᠢᠨ ᠡᠬᠢᠯᠡᠯᠲᠡ ᠶᠢᠨ ᠴᠡᠭ ᠳᠡᠭᠡᠷ᠎ᠡ | ᠬᠦᠷᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠤᠯᠠᠭᠠᠨᠬᠠᠳᠠ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠳᠠᠪᠠᠯᠲᠠ ᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠬᠤᠶᠠᠷ ᠮᠢᠩᠭ᠎ᠠ | ᠪᠦᠬᠡᠳ ᠭᠤᠴᠢᠨ ᠳᠠᠪᠤᠨ ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢᠨ | ᠱᠠᠭᠠᠷᠳᠠᠯᠭ᠎ᠠ ᠶᠢ ᠦᠨᠳᠦᠰᠦᠯᠡᠨ᠂ ᠢᠷᠡᠬᠦ ᠲᠠᠪᠤᠨ ᠵᠢᠯ ᠳᠤ᠂ ᠪᠢᠳᠡ ᠳᠣᠤᠷᠠᠬᠢ ᠠᠵᠢᠯ ᠤᠳ ᠢ ᠭᠤᠣᠯᠳᠠᠯᠭᠠᠲᠠᠢ | ᠰᠠᠶᠢᠲᠤᠷ ᠬᠢᠨ᠎ᠠ᠄ ᠨᠢᠭᠡ ᠳᠤ ᠠᠮᠢ ᠠᠬᠤᠶ ᠶᠢ ᠲᠡᠷᠢᠭᠦᠨ ᠳᠤ ᠪᠣᠳᠣᠯᠬᠢᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠠᠷᠢᠭᠤᠨ ᠲᠤᠩᠭᠠᠯᠠᠭ ᠣᠷᠴᠢᠨ ᠪᠠᠶᠢᠭᠠᠯᠢ ᠨᠢ ᠠᠯᠲᠠ ᠮᠥᠩᠭᠦ ᠠᠴᠠ ᠴᠦ ᠦᠨᠡᠲᠡᠢ ᠭᠡᠬᠦ | ᠣᠶᠢᠯᠠᠭᠠᠭᠳᠠᠬᠤᠨ ᠢ ᠪᠣᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ | ᠰᠢᠯᠢᠳᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠠᠷᠢᠶᠠᠯᠠᠩ ᠤᠨ ᠥᠨᠳᠥᠷ | ᠪᠦᠲᠦᠮᠵᠢᠲᠡᠢ ᠤᠰᠤ ᠠᠷᠪᠢᠯᠠᠬᠤ ᠬᠡᠯᠪᠡᠷᠢ ᠶᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠶᠠᠷ ᠲᠤ ᠪᠣᠬᠢᠷᠲᠤᠯ ᠦᠭᠡᠢ | ᠬᠥᠭᠵᠢᠯᠲᠡ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | ᠃ ᠠᠮᠢ ᠠᠬᠤᠶ ᠶᠢ ᠲᠡᠷᠢᠭᠦᠨ ᠳᠤ ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ ᠢᠯᠡ ᠲᠣᠳᠣ | ᠤᠳᠤᠷᠢᠳᠤᠮᠵᠢ ᠶᠢ ᠪᠠᠲᠤ ᠪᠣᠶ ᠪᠣᠯᠭᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ ᠥᠬᠡᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ | ᠠᠴᠢᠶᠠᠯᠠᠪᠤᠷᠢ ᠶᠢᠨ ᠬᠤᠲᠠ᠂ ᠤᠯᠤᠰ ᠤᠨ ᠣᠨᠴᠠᠯᠢᠭ ᠲᠠᠢ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ | ᠠᠮᠠᠷᠠᠯᠲᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠣᠯᠠᠨ ᠵᠦᠢᠯ ᠢᠶᠠᠷ | ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠎ᠠ᠃ ᠭᠤᠷᠪᠠ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠰᠢᠨᠵᠢᠯᠡᠬᠦ | ᠤᠬᠠᠭᠠᠨ ᠮᠡᠷᠭᠡᠵᠢᠯ ᠢᠶᠠᠷ ᠬᠤᠳᠠ ᠪᠠᠨ ᠮᠠᠨᠳᠤᠭᠤᠯᠤᠨ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠠᠷᠭ᠎ᠠ | ᠮᠠᠶ᠋ᠢᠭ ᠤᠨ ᠰᠢᠨ᠎ᠡ ᠶᠢ ᠡᠭᠦᠳᠬᠦ᠂ ᠦᠢᠯᠡᠴᠢᠯᠡᠭᠡ ᠶᠢᠨ ᠰᠢᠨ᠎ᠡ ᠶᠢ ᠡᠭᠦᠳᠬᠦ ᠬᠢᠭᠡᠳ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠴᠢᠳᠠᠪᠤᠷᠢᠲᠠᠨ ᠤ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠲᠡᠢ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠨ᠎ᠠ᠃ ᠳᠥᠷᠪᠡ ᠳᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠷᠢᠭᠦᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠪᠣᠶ ᠪᠣᠯᠭᠠᠨ᠎ᠠ᠃ ᠪᠠᠶᠢᠭᠤᠯᠤᠯ ᠲᠣᠭᠲᠠᠴᠠ ᠶᠢ ᠥᠭᠡᠷᠡᠴᠢᠯᠡᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠴᠠ ᠡᠬᠢᠯᠡᠨ᠂ ᠭᠤᠣᠯᠳᠠᠯᠭᠠᠲᠠᠢ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ | ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠦᠨᠡᠨᠴᠢ ᠢᠲᠡᠭᠡᠮᠵᠢᠲᠡᠢ | ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠨᠠᠶᠢᠳᠠᠪᠤᠷᠢᠲᠠᠢ | ᠵᠠᠰᠠᠭ ᠤᠨ ᠣᠷᠳᠣᠨ ᠤ ᠤᠶᠠᠯᠳᠤᠯ ᠢ ᠠᠬᠢᠭᠤᠯᠵᠤ᠂ ᠣᠷᠤᠨ ᠨᠤᠲᠤᠭ ᠤᠨ ᠲᠥᠷᠭᠡᠨ ᠬᠥᠭᠵᠢᠯᠲᠡ ᠶᠢ ᠬᠥᠴᠦᠲᠡᠢ | ᠠᠬᠢᠭᠤᠯᠤᠨ᠎ᠠ᠃ ᠲᠠᠪᠤ ᠳᠤ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ | ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠣᠷᠣᠨ ᠪᠦᠰᠡ ᠶᠢᠨ ᠬᠥᠭᠵᠢᠯᠲᠡ ᠶᠢᠨ ᠶᠡᠷᠦᠩᠬᠡᠶ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ | ᠬᠦᠷᠢᠶᠡᠯᠡᠩ ᠲᠣᠭᠤᠷᠢᠭ ᠤᠨ ᠴᠢᠳᠠᠮᠵᠢ ᠶᠢ ᠶᠡᠬᠡᠪᠡᠷ ᠲᠡᠭᠦᠯᠳᠡᠷᠵᠢᠭᠦᠯᠵᠦ᠂ ᠠᠵᠤ ᠦᠢᠯᠡᠰ ᠤᠨ ᠲᠥᠪᠯᠡᠷᠡᠩᠭᠦᠶ | ᠬᠥᠭᠵᠢᠯᠲᠡ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ | ᠦᠢᠯᠡᠰ ᠤᠨ ᠪᠥᠭᠡᠮᠨᠡᠷᠡᠯ ᠤᠨ ᠦᠢᠯᠡᠳᠦᠯ ᠪᠠ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠪᠣᠶ ᠪᠣᠯᠭᠠᠵᠤ᠂ | ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ | ᠬᠥᠭᠵᠢᠯᠲᠡ ᠶᠢᠨ ᠥᠷᠢᠰᠥᠯᠳᠦᠬᠦ ᠬᠦᠴᠦᠨ ᠢ ᠴᠢᠩᠭᠠᠳᠬᠠᠨ᠎ᠠ᠃ ᠵᠢᠷᠭᠤᠭ᠎ᠠ ᠳᠤ ᠬᠤᠲᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠴᠢᠨᠠᠷ | ᠰᠠᠶᠢᠲᠠᠶ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠣᠷᠣᠨ ᠪᠦᠰᠡ ᠶᠢᠨ | ᠴᠢᠨᠠᠷᠲᠠᠢ ᠭᠤᠣᠯ ᠬᠤᠳᠠ ᠶᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ | ᠶᠡᠷᠥᠩᠬᠡᠶᠢᠯᠡᠭᠰᠡᠨ ᠢᠵᠢ ᠪᠦᠷᠢᠳᠦᠭᠦᠯᠬᠦ ᠬᠢᠷᠢ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠰᠢᠶᠠᠨ ᠤ ᠬᠤᠳᠠ ᠪᠠ ᠵᠢᠵᠢᠭ | ᠬᠤᠳᠠ ᠪᠠᠯᠭᠠᠰᠤᠨ ᠤ ᠤᠨᠴᠠᠯᠢᠬᠳᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠷᠢ ᠪᠠᠲᠤᠯᠠᠭ᠎ᠠ ᠪᠠ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠥᠪ ᠢᠶᠠᠷ ᠳᠠᠶᠢᠴᠢᠯᠠᠭᠤᠯᠤᠭᠰᠠᠨ᠂ ᠤᠯᠠᠨ ᠴᠡᠭ ᠢᠶᠠᠷ | ᠬᠥᠳᠡᠯᠦᠯᠴᠡᠭᠰᠡᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠦᠨ᠎ᠡ᠃ ᠳᠣᠯᠤᠭ᠎ᠠ ᠳᠤ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠪᠥᠬᠦ ᠲᠠᠯ᠎ᠠ ᠪᠠᠷ ᠠᠭᠤᠰᠤᠯᠴᠠᠬᠤ ᠶᠢ ᠪᠡᠶᠡᠯᠡᠭᠦᠯᠦᠨ᠎ᠡ᠃ ᠪᠡᠭᠡᠵᠢᠩ ᠠᠴᠠ ᠣᠶᠢᠷ᠎ᠠ | ᠲᠠᠯᠠᠢ ᠳᠠᠭᠠᠤ ᠪᠠᠶᠢᠬᠤ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ | ᠾᠧᠪᠸᠢ ᠳᠤ ᠭᠦᠨᠵᠡᠭᠡᠢ ᠠᠭᠤᠰᠤᠯᠴᠠᠵᠤ᠂ ᠪᠦᠸᠧᠬᠠᠢ ᠲᠠᠩᠭᠢᠰ ᠳᠠᠭᠠᠤ ᠣᠷᠣᠨ ᠲᠠᠢ ᠢᠳᠡᠪᠬᠢᠲᠡᠢ ᠵᠣᠯᠭᠠᠭᠤᠯᠵᠤ᠂ | ᠶᠡᠭᠡ ᠡᠷᠭᠢᠯᠲᠡ ᠳᠤ ᠪᠦᠬᠦ ᠲᠠᠯ᠎ᠠ ᠪᠠᠷ ᠣᠷᠣᠯᠴᠠᠵᠤ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ | ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠤᠨ ᠢ ᠪᠦᠬᠦ ᠬᠦᠴᠦᠨ ᠢᠶᠠᠷ ᠢᠶᠠᠨ ᠪᠥᠳᠦᠭᠡᠨ ᠪᠠᠶᠢᠭᠤᠯᠵᠤ᠂ | ᠠᠵᠤ ᠠᠬᠤᠢ ᠶᠢᠨ ᠬᠥᠭᠵᠢᠯᠲᠡ ᠶᠢᠨ ᠭᠠᠳᠠᠭᠠᠳᠤ ᠬᠠᠨᠳᠤᠰᠢ ᠶᠢ ᠪᠦᠲᠦᠮᠵᠢᠲᠡᠢ ᠳᠡᠭᠡᠭᠰᠢᠯᠡᠭᠦᠯᠵᠦ᠂ ᠥᠨᠳᠥᠷ | ᠲᠦᠪᠰᠢᠨ ᠪᠦᠬᠦᠢ ᠨᠡᠭᠡᠭᠡᠯᠳᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠠᠢᠮᠠ ᠳᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ | ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠮᠠᠨ ᠤ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠲᠠ᠂ ᠬᠥᠳᠡᠭᠡ ᠲᠤᠰᠬᠤᠨ ᠮᠠᠯᠵᠢᠬᠤ ᠣᠷᠣᠨ ᠤ | ᠬᠥᠮᠦᠨ ᠠᠮᠠ ᠶᠢᠨ ᠲᠣᠮᠣ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠤᠰᠬᠤᠨ ᠮᠠᠯᠵᠢᠬᠤ | ᠣᠷᠣᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠤᠰᠬᠤᠨ ᠮᠠᠯᠵᠢᠬᠤ | ᠣᠷᠣᠨ ᠤ ᠣᠳᠣᠬᠢᠴᠢᠯᠠᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠳᠣᠬᠢᠴᠢᠯᠠᠯᠲᠠ ᠶᠢ ᠠᠬᠢᠭᠤᠯᠤᠨ᠎ᠠ | ᠃ ᠶᠢᠰᠦ ᠳᠤ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠶᠢ | ᠪᠠᠷᠢᠮᠲᠠᠯᠠᠵᠤ᠂ ᠭᠠᠵᠠᠷ ᠣᠷᠣᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ︽ᠲᠤᠭ | ᠲᠡᠮᠳᠡᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ | ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ︾ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ | ᠣᠯᠠᠨ ᠨᠡᠶᠢᠲᠡ ᠶᠢᠨ ᠰᠣᠶᠣᠯ ᠤᠨ ᠦᠢᠯᠡᠰ ᠢ ᠢᠳᠡᠪᠬᠢᠲᠡᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠤᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠰᠣᠶᠣᠯ ᠤᠨ ᠨᠡᠷᠡᠲᠦ ᠲᠡᠮᠳᠡᠭᠲᠦ ᠶᠢ ᠪᠣᠢ ᠪᠣᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠭᠠᠨᠬᠠᠳᠠ ᠶᠢᠨ | ᠰᠣᠶᠣᠯ ᠤᠨ ᠳᠦᠷᠢ ᠲᠥᠷᠬᠦ ᠶᠢ ᠦᠷᠭᠦᠯᠵᠢᠯᠡᠨ ᠤᠬᠠᠭᠤᠯᠵᠤ᠂ ᠣᠷᠤᠨ ᠨᠤᠲᠤᠭ ᠤᠨ ᠰᠣᠶᠣᠯ ᠤᠨ ᠭᠠᠳᠠᠭᠰᠢ | ᠨᠥᠯᠥᠭᠡ ᠶᠢ ᠥᠷᠭᠡᠳᠬᠡᠵᠦ᠂ ︽ᠰᠣᠶᠣᠯ ᠤᠨ ᠲᠣᠮᠣ ᠬᠤᠲᠠ︾ ᠠᠴᠠ ︽ᠰᠣᠶᠣᠯ ᠤᠨ ᠬᠦᠴᠦᠷᠬᠡᠭ ᠬᠤᠲᠠ︾ | ᠵᠦᠭ ᠳᠠᠪᠰᠢᠬᠤ ᠶᠢ ᠠᠬᠢᠭᠤᠯᠤᠨ᠎ᠠ᠃ ᠠᠷᠪᠠ ᠳᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ | ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠠᠩ | ᠰᠠᠶᠢᠲᠤᠷ ᠬᠠᠩᠭᠠᠨ᠎ᠠ᠃ ᠠᠷᠠᠳ ᠲᠥᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠢ | ᠪᠣᠯᠭᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠵᠣᠷᠢᠯᠲᠠ ᠪᠠ ᠲᠤᠰᠤᠯᠳᠠ | ᠪᠣᠯᠭᠠᠵᠤ᠂ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠡᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠠᠷᠠᠳ ᠲᠦᠮᠡᠨ ᠤ ᠣᠷᠣᠯᠭ᠎ᠠ ᠶᠢᠨ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠢ ᠨᠡᠩ ᠢᠯᠡᠭᠦᠦ ᠬᠦᠷᠲᠡᠮᠵᠢ ᠶᠢᠨ | ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃ ᠠᠷᠪᠠᠨ ᠨᠢᠭᠡ ᠳᠤ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠲᠣᠭᠲᠠᠭᠤᠨ | ᠪᠠᠶᠢᠯᠭᠠᠬᠤ ᠬᠠᠯᠬᠠᠪᠴᠢ ᠶᠢ ᠦᠨᠡᠨᠬᠦ ᠪᠠᠲᠤ ᠪᠠᠬᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠬᠦᠨᠳᠦ | ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ | ᠵᠠᠰᠠᠨ ᠬᠠᠮᠲᠤ ᠪᠠᠷ ᠡᠳ᠋ᠯᠡᠬᠦ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠲᠦᠮᠡᠨ ᠤ ᠠᠮᠤᠷ ᠲᠠᠶᠢᠪᠣᠩ | ᠠᠵᠤ ᠲᠦᠷᠦᠭᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠨᠡᠶᠢᠭᠡᠮ ᠤᠨ ᠠᠮᠤᠷ ᠲᠣᠭᠲᠠᠭᠤᠨ ᠡᠮᠬᠢ | ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠭᠤᠷᠪᠠ᠂ 2021 ᠣᠨ ᠤ ᠭᠤᠣᠯᠳᠠᠯᠭᠠᠲᠠᠢ ᠠᠵᠢᠯ ᠡᠨᠡ ᠵᠢᠯ ᠪᠣᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠬᠢᠯᠡᠯᠲᠡ ᠨᠢ | ᠪᠦᠬᠦ ᠲᠠᠯ᠎ᠠ ᠶᠢ ᠲᠣᠭᠲᠠᠭᠠᠵᠤ᠂ ᠡᠬᠢᠯᠡᠯᠲᠡ ᠨᠢ ᠪᠦᠬᠦ ᠶᠠᠪᠤᠴᠠ ᠶᠢ ᠲᠤᠭᠲᠠᠭᠠᠳᠠᠭ᠃ ᠵᠠᠰᠠᠭ ᠤᠨ ᠣᠷᠳᠣᠨ ᠤ | ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠮᠥᠷᠲᠡᠭᠡᠨ ᠤᠷᠤᠭᠰᠢᠯᠠᠭᠤᠯᠬᠤ ᠠᠵᠢᠯ ᠤᠨ ᠶᠡᠷᠦᠩᠬᠡᠶ | ᠠᠶᠢᠵᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠠᠵᠤ ᠠᠬᠤᠶ ᠶᠢᠨ | ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ | ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ | ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠶᠢ | ᠪᠠᠷᠢᠮᠲᠠᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠬᠠᠮᠠᠭᠠᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ | ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠦᠨᠡᠨᠬᠦ ᠪᠠᠲᠤᠯᠠᠵᠤ᠂ ᠰᠢᠯᠢᠳᠡᠭ | ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ ᠪᠦᠬᠦ ᠬᠤᠲᠠ ᠶᠢᠨ ᠠᠵᠤ | ᠠᠬᠤᠶ ᠨᠡᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠤᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 6% ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 7% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ | 6% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ | 6% ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠵᠠᠷᠤᠴᠠᠭᠤᠯᠵᠤ ᠪᠣᠯᠬᠤ ᠣᠷᠣᠯᠭ᠎ᠠ ᠶᠢ 6.5% ᠪᠠᠷ ᠨᠡᠮᠡᠭᠳᠡᠭᠦᠯᠵᠦ᠂ ᠬᠥᠳᠡᠭᠡ ᠲᠤᠰᠬᠤᠨ ᠮᠠᠯᠵᠢᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠠᠷᠤᠴᠠᠭᠤᠯᠵᠤ ᠪᠣᠯᠬᠤ | ᠣᠷᠣᠯᠭ᠎ᠠ ᠶᠢ 7% ᠪᠠᠷ ᠨᠡᠮᠡᠭᠳᠡᠭᠦᠯᠦᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠶᠠᠰᠤ ᠴᠢᠨᠠᠷ ᠢ ᠤᠯᠠᠮ ᠨᠢᠭᠡ | ᠠᠯᠬᠤᠮ ᠰᠠᠶᠢᠵᠢᠷᠠᠭᠤᠯᠵᠤ᠂ ᠭᠤᠤᠯ ᠪᠣᠯᠬᠤ ᠪᠣᠬᠢᠷ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠵᠤ᠂ ᠬᠤᠲᠠ ᠪᠠᠯᠭᠠᠰᠤ ᠶᠢᠨ ᠪᠠᠶᠢᠴᠠᠭᠠᠭᠰᠠᠨ ᠠᠵᠢᠯ ᠠᠯᠳᠠᠭᠰᠠᠳ ᠤᠨ ᠨᠣᠷᠮ᠎ᠠ ᠶᠢ 6% ᠶᠢᠨ | ᠳᠣᠲᠣᠷ᠎ᠠ ᠬᠢᠵᠠᠭᠠᠷᠯᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠣᠭᠤᠷᠢᠨ ᠳᠤ᠂ | ᠪᠢᠳᠡ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠄ ︵ᠨᠢᠭᠡ︶ ᠬᠡᠯᠪᠡᠷᠢ ᠪᠠᠨ ᠬᠤᠪᠢᠷᠠᠭᠤᠯᠤᠨ ᠳᠡᠰ | ᠲᠡᠪᠰᠢᠭᠦ ᠳᠤ ᠬᠦᠴᠦᠨ ᠢᠶᠠᠨ ᠲᠥᠪᠯᠡᠷᠡᠭᠦᠯᠦᠨ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠷᠡᠰ | ᠭᠤᠶᠢᠪᠢᠰᠢ ᠦᠭᠡᠢ ᠪᠠᠶᠢᠭᠤᠯᠤᠨ᠎ᠠ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ ᠨᠡᠩ ᠰᠢᠯᠢᠳᠡᠭᠵᠢᠭᠦᠯᠬᠦ ᠶᠢ | ᠠᠬᠢᠭᠤᠯᠤᠨ᠎ᠠ᠃ ᠣᠷᠣᠨ ᠵᠠᠶ᠂ ᠣᠷᠣᠨ ᠪᠦᠰᠡ ᠪᠠ ᠬᠤᠰᠢᠭᠤ ᠰᠢᠶᠠᠨ ᠲᠣᠭᠤᠷᠢᠭ ᠤᠨ ᠲᠥᠯᠥᠪᠵᠢᠭᠦᠯᠭᠡ ᠳᠠᠬᠢ | ᠵᠢᠯᠣᠭᠤᠳᠣᠯᠭ᠎ᠠ ᠪᠠᠨ ᠴᠢᠩᠭᠠᠳᠬᠠᠵᠤ᠂ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠵᠠᠭᠠᠭ ᠬᠢᠵᠠᠭᠠᠷ ᠨᠢ ᠲᠣᠳᠣᠷᠬᠠᠶ | ᠂ ᠨᠢᠭᠡᠳᠦᠯᠲᠡᠶ ᠵᠣᠯᠭᠠᠭᠤᠯᠤᠭᠰᠠᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠭᠤᠤᠯ ᠬᠤᠲᠠ | ᠲᠣᠭᠤᠷᠢᠭ᠂ ᠭᠤᠤᠯ ᠬᠤᠲᠠ ᠲᠣᠭᠤᠷᠢᠭ ᠤᠨ ᠲᠤᠭᠤᠷᠢᠮ ᠪᠠ ᠬᠤᠶᠢᠲᠤ ᠬᠡᠰᠡᠭ ᠤᠨ ᠬᠤᠰᠢᠭᠤ ᠰᠢᠶᠠᠨ ᠤ | ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠶᠡᠷᠥᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ᠂ ︽ᠨᠢᠭᠡ ᠯᠡ ᠵᠢᠷᠤᠭ︾ ᠤᠨ ᠮᠡᠳᠡᠭᠡ | ᠵᠠᠩᠭᠢ ᠶᠢᠨ ᠲᠠᠪᠴᠠᠩ ᠪᠠ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮ ᠢ ᠵᠡᠷᠭᠡᠪᠡᠷ | ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠵᠢᠭᠡᠯᠡᠯᠭᠡ ᠶᠢᠨ | ᠲᠡᠮᠳᠡᠭᠲᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠭᠡᠮ ᠤᠨ ᠬᠥᠷᠥᠩᠭᠡ ᠶᠢ ᠲᠠᠲᠠᠨ | ᠣᠷᠣᠯᠴᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽1536︾ ᠳᠡᠭᠡᠭᠰᠢᠯᠡᠭᠦᠯᠬᠦ | ᠢᠨᠵᠧᠨᠧᠷᠢᠩ ᠢ ᠲᠥᠪᠯᠡᠷᠡᠭᠦᠯᠦᠨ ᠬᠡᠷᠡᠭᠵᠢᠭᠦᠯᠦᠨ᠎ᠡ᠃ ᠣᠷᠣᠨ ᠠᠯᠤᠰᠯᠠᠭᠰᠠᠨ ᠠᠵᠤ ᠠᠬᠤᠶ ᠶᠢ ᠢᠳᠡᠪᠬᠢᠲᠡᠶ ᠪᠠᠷ | ᠬᠥᠭᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯᠡᠰ ᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ | ᠵᠣᠷᠢᠬᠵᠢᠭᠤᠯᠵᠤ᠂ ᠬᠥᠳᠡᠯᠮᠦᠷᠢ ᠬᠤᠷᠠᠭᠰᠠᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ | ᠲᠦᠷᠦᠯ ᠵᠦᠢᠯᠡᠰ ᠢ ᠬᠤᠲᠠ ᠪᠠᠯᠭᠠᠰᠤ ᠲᠡᠰᠢ ᠲᠥᠪᠯᠡᠷᠡᠭᠦᠯᠬᠦ ᠶᠢ ᠲᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠰᠢᠪᠲᠤᠯᠤᠯᠲᠠ ᠲᠠᠢ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ︽ᠪᠡᠭᠡᠵᠢᠩ ᠳᠤ ᠰᠤᠳᠤᠯᠤᠨ ᠨᠡᠪᠴᠢᠭᠦᠯᠵᠦ | ᠂ ᠤᠯᠠᠭᠠᠨᠬᠠᠳᠠ ᠳᠤ ᠤᠯᠠᠷᠢᠭᠤᠯᠤᠨ ᠨᠠᠶᠢᠳᠠᠪᠤᠷᠢᠵᠢᠭᠤᠯᠬᠤ︾ ᠭᠡᠳᠡᠷᠭᠦ ᠴᠢᠭᠯᠡᠯᠲᠦ ᠤᠷᠤᠨ ᠠᠯᠣᠰᠯᠠᠬᠤ ᠵᠠᠭᠪᠤᠷ | ᠶᠣᠰᠣᠭᠠᠷ᠂ ᠪᠡᠭᠡᠵᠢᠩ · ᠤᠯᠠᠭᠠᠨᠬᠠᠳᠠ ᠶᠢᠨ ᠠᠵᠤ ᠦᠢᠯᠡᠰ ᠤᠨ ᠬᠦᠷᠢᠶᠡᠯᠡᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶ ᠭᠠᠵᠠᠷ ᠢ ᠪᠠᠶᠢᠭᠤᠯᠤᠨ᠎ᠠ᠃ ᠵᠢᠯ ᠤᠨ ᠳᠣᠲᠣᠷ᠎ᠠ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ 10 | ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠡᠷᠴᠢᠮ ᠢ | ᠴᠢᠩᠭᠠᠷᠠᠭᠤᠯᠤᠨ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠬᠤᠪᠢᠷᠠᠭᠤᠯᠬᠤ ᠶᠢ ᠵᠣᠯᠭᠠᠭᠤᠯᠬᠤ ᠶᠡᠭᠡ ᠬᠤᠷᠠᠯ ᠢ ᠰᠠᠶᠢᠲᠤᠷ ᠡᠷᠭᠢᠯᠡᠨ᠎ᠡ᠃ ᠳᠡᠭᠡᠳᠦ ᠰᠤᠷᠭᠠᠭᠤᠯᠢ ᠵᠢᠴᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠤᠯᠠᠭᠠᠨᠬᠠᠳᠠ ᠶᠢᠨ ᠹᠦ᠋ ᠨᠠ ᠺᠠᠩ ᠬᠢᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠢᠮᠢ ᠶᠢᠨ ᠰᠣᠳᠣᠯᠭᠠᠨ ᠤ ᠭᠠᠵᠠᠷ᠂ ᠤᠯᠠᠭᠠᠨᠬᠠᠳᠠ ᠶᠢᠨ ᠠᠨ ᠪᠠᠩ ᠬᠢᠭᠡᠳ ᠱᠠᠩᠬᠠᠶ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠤᠣᠯᠳᠠᠯᠭᠠᠲᠠᠢ ᠠᠬᠢᠭᠤᠯᠵᠤ᠂ ᠥᠪᠥᠷ ᠮᠣᠩᠭᠤᠯ ᠤᠨ ᠲᠥᠬᠦᠭᠡᠷᠦᠮᠵᠢᠲᠦ | ᠢᠳᠡᠰᠢᠨ ᠨᠣᠭᠤᠭ᠎ᠠ ᠶᠢᠨ ᠦᠷ᠎ᠠ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠰᠠᠶᠢᠲᠤᠷ | ᠪᠥᠳᠥᠭᠡᠨ ᠪᠠᠶᠢᠭᠤᠯᠤᠨ᠎ᠠ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠷ᠎ᠠ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠲᠥᠷᠥ ᠶᠢᠨ ᠪᠣᠳᠣᠯᠭ᠎ᠠ ᠨᠤᠭᠤᠳ ᠢ ᠲᠣᠭᠲᠠᠭᠠᠨ ᠨᠡᠶᠢᠲᠡᠯᠡᠵᠦ᠂ ᠤᠯᠠᠭᠠᠨᠬᠠᠳᠠ ᠶᠢᠨ ᠴᠢᠨᠠᠷ ᠰᠠᠶᠢᠲᠠᠶ | ᠬᠥᠭᠵᠢᠯᠲᠡ ᠳᠤ ᠣᠶᠤᠨ ᠤ ᠳᠡᠮᠵᠢᠯᠭᠡ ᠬᠠᠩᠭᠠᠨ᠎ᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ | ᠨᠡᠮᠡᠭᠳᠡᠬᠦ ᠶᠢ ᠲᠦᠯᠬᠢᠨ ᠠᠬᠢᠭᠤᠯᠤᠨ᠎ᠠ᠃ ᠭᠤᠣᠯᠳᠠᠯᠭᠠᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ 140 ᠠᠴᠠ | ᠳᠡᠭᠡᠭᠰᠢ ᠬᠡᠷᠡᠭᠵᠢᠭᠦᠯᠵᠦ᠂ ᠴᠢ ᠾᠦᠢ ᠶᠢᠨ ᠬᠥᠩᠭᠡᠨ ᠴᠠᠭᠠᠨ ᠤ ᠢᠰᠦᠯ ᠵᠡᠷᠭᠡ ᠴᠢᠬᠤᠯᠠ ᠶᠡᠭᠡ ᠲᠥᠷᠥᠯ ᠵᠦᠢᠯ ᠢ | ᠲᠣᠭᠲᠠᠭᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠡᠮ ᠦᠢᠯᠡᠳᠬᠦ ᠣᠯᠠᠨ ᠴᠢᠳᠠᠮᠵᠢᠳᠣ | ᠦᠢᠯᠡᠳᠪᠦᠷᠢ ᠶᠢᠨ ᠲᠠᠰᠤᠭ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ | ᠨᠢᠩ ᠪᠣᠣ ᠶᠢᠨ ᠴᠠᠬᠢᠭᠤᠷ ᠮᠠᠩᠭᠠᠨ ᠤ ᠬᠠᠶᠢᠯᠤᠰᠢ᠂ ᠵᠦᠩ ᠲᠠᠩ ᠣᠨᠴᠣᠭᠤᠶ ᠪᠣᠯᠣᠳ ᠲᠡᠮᠦᠷ ᠨᠠᠷᠢᠯᠢᠭ ᠪᠣᠯᠣᠳ | ᠵᠡᠷᠭᠡ ᠨᠢᠭᠡ ᠪᠦᠯᠦᠭ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ | ᠂ ᠰᠢᠤᠢ ᠿᠢ ᠪᠣᠯᠣᠳ ᠬᠡᠦᠷᠰᠢᠭᠦᠯᠦᠯᠲᠡ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠬᠦ ᠪᠠᠷ ᠬᠦᠴᠦᠯᠡᠨ ᠴᠢᠷᠮᠠᠶᠢᠨ᠎ᠠ᠃ ᠬᠡᠯᠬᠢᠶᠡᠯᠡᠨ ᠬᠤᠯᠪᠣᠭᠠᠯᠠᠵᠤ ᠳᠠᠬᠢᠨ ᠵᠣᠬᠢᠶᠠᠨ | ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠩᠭᠡᠲᠦ ᠲᠡᠮᠦᠷᠯᠢᠭ ᠬᠠᠶᠢᠯᠤᠭᠤᠯᠬᠤ᠂ | ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠂ ᠨᠡᠬᠡᠮᠡᠯ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠵᠢᠯ ᠤᠨ | ᠳᠣᠲᠣᠷ᠎ᠠ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ 100 ᠠᠴᠠ ᠳᠡᠭᠡᠭᠰᠢ ᠬᠡᠷᠡᠭᠵᠢᠭᠦᠯᠦᠨ᠎ᠡ᠃ ᠠᠮᠢᠳᠤ | ᠪᠣᠳᠠᠰ ᠤᠨ ᠡᠮ ᠡᠮᠨᠡᠯᠭᠡ᠂ ᠴᠠᠬᠢᠮ ᠮᠡᠳᠡᠭᠡ ᠵᠠᠩᠭᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ | ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠡᠷᠢᠭ ᠠᠷᠠᠳ | ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠲᠤᠭᠠᠵᠢᠭᠤᠯᠤᠭᠰᠠᠨ ᠥᠭᠡᠷᠡᠴᠢᠯᠡᠯᠲᠡ ᠶᠢ | ᠲᠦᠷᠭᠡᠳᠬᠡᠨ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠲᠦᠰᠢᠭ ᠲᠤᠯᠭᠠᠭᠤᠷᠢ | ᠬᠠᠩᠭᠠᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ︽ | ᠭᠤᠷᠪᠠ ᠶᠢ ᠨᠡᠮᠡᠭᠳᠡᠭᠦᠯᠵᠦ ᠭᠤᠷᠪᠠ ᠶᠢ ᠰᠢᠯᠢᠳᠡᠭᠵᠢᠭᠦᠯᠬᠦ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠥᠬᠦ | ᠬᠤᠲᠠ ᠶᠢᠨ ᠬᠦᠴᠦᠨ ᠢ ᠳᠠᠶᠢᠴᠢᠯᠠᠨ ᠠᠯᠠᠰᠢᠨ ᠦᠬᠡᠷ ᠤᠨ ᠠᠵᠤ ᠦᠢᠯᠡᠰ᠂ ᠲᠥᠬᠦᠭᠡᠷᠥᠮᠵᠢᠲᠦ ᠲᠠᠷᠢᠶᠠᠯᠠᠩ ᠪᠠ | ᠴᠢᠨᠠᠷ ᠰᠠᠶᠢᠲᠠᠶ ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠵᠦ᠂ ᠵᠢᠯ ᠤᠨ ᠳᠣᠲᠣᠷ᠎ᠠ ᠦᠬᠡᠷ 30 ᠲᠦᠮᠡᠨ | ᠲᠣᠯᠣᠭᠠᠶ᠂ ᠴᠢᠨᠠᠷ ᠰᠠᠶᠢᠲᠠᠶ ᠪᠣᠷᠣ ᠴᠠᠷᠭᠠᠰᠤ 20 ᠲᠦᠮᠡᠨ ᠮᠥ᠂ ᠬᠥᠬᠡ ᠳᠠᠷᠤᠰᠢ ᠶᠢᠨ ᠡᠷᠳᠡᠨᠢ ᠰᠢᠰᠢ 25 | ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ 10 ᠲᠦᠮᠡᠨ ᠮᠥ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ | ᠪᠠᠶᠢᠭᠤᠯᠤᠨ ᠥᠭᠡᠷᠡᠴᠢᠯᠡᠵᠦ᠂ ᠡᠯ᠎ᠡ ᠭᠠᠵᠠᠷ ᠣᠷᠣᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠬᠦᠲᠦᠯᠦᠨ ᠵᠢᠯᠤᠭᠤᠳᠣᠨ᠎ᠠ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠣᠲᠣ ᠦᠶ᠎ᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠤᠨ ᠭᠤᠤᠯ ᠲᠣᠭᠤᠷᠢᠭ᠂ ᠬᠤᠲᠠ ᠶᠢᠨ ᠡᠭᠦᠯᠳᠡᠷ ᠤᠨ ᠦᠬᠡᠷ ᠤᠨ ᠥᠷᠲᠡᠭᠡ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠷᠰᠢᠯᠲᠠ ᠶᠢᠨ ᠰᠠᠭᠤᠷᠢᠨ ᠭᠠᠵᠠᠷ ᠪᠠ ᠳᠤᠮᠳᠠᠳᠤ | ᠤᠯᠤᠰ ᠤᠨ ᠤᠮᠠᠷᠠᠲᠤ ᠶᠢᠨ ᠣᠯᠠᠨ ᠤᠯᠤᠰ ᠤᠨ ᠴᠢᠬᠢ ᠮᠣᠳᠣᠨ ᠤ ᠤᠨᠴᠠᠯᠢᠭᠳᠤ ᠵᠢᠵᠢᠭ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠢᠯᠭᠠᠨ | ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾ ᠶᠢ ᠬᠤᠷᠢᠭᠯᠠᠬᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠠᠮᠤ | ᠪᠤᠳᠠᠭ᠎ᠠ ᠲᠠᠷᠢᠬᠤ ᠲᠠᠯᠠᠪᠠᠢ ᠪᠠ ᠵᠠᠭᠤᠨ ᠳ᠋ᠦᠩᠰᠢᠭᠤᠷ ᠵᠢᠩ ᠠᠮᠤ ᠪᠤᠳᠠᠭᠠᠨ ᠤ ᠤᠨᠠᠯᠲᠠ ᠶᠢᠨ ᠴᠢᠳᠠᠪᠤᠷᠢ ᠶᠢ | ᠲᠣᠭᠲᠠᠪᠤᠷᠢᠵᠢᠭᠤᠯᠤᠨ᠎ᠠ᠃ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠨᠠᠷᠠᠲᠤ | ᠲᠡᠮᠳᠡᠭᠲᠦ ᠪᠠ ᠲᠠᠸᠠᠷ ᠤᠨ ᠲᠡᠮᠳᠡᠭ ᠢ ᠥᠷᠭᠦᠯᠵᠢᠯᠡᠨ ᠪᠤᠶᠢᠵᠢᠭᠤᠯᠵᠤ᠂ ᠨᠥᠯᠥᠭᠡᠯᠡᠬᠦ ᠬᠦᠴᠦᠨ ᠪᠠ ᠠᠯᠳᠠᠷᠰᠢᠯ ᠢ | ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠳᠡᠰ ᠲᠡᠪᠰᠢᠬᠦ ᠶᠢ | ᠠᠬᠢᠭᠤᠯᠤᠨ᠎ᠠ᠃ ᠲᠤᠰᠬᠠᠶ ᠵᠠᠬ᠎ᠠ ᠳᠡᠯᠭᠡᠭᠦᠷ ᠵᠡᠷᠭᠡ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ | ᠳᠡᠮᠵᠢᠵᠦ᠂ ᠰᠢᠨᠬᠤᠸᠠ ᠵᠠᠪᠠᠭᠠᠨ ᠵᠡᠭᠡᠯᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ | ᠳᠡᠭᠡᠭᠰᠢᠯᠡᠭᠦᠯᠵᠦ᠂ ᠲᠤᠮᠤ ᠵᠡᠭᠦᠨ ᠬᠤᠶᠢᠲᠤ ᠶᠢᠨ ᠠᠷᠢᠬᠢᠨ ᠬᠡᠷᠡᠭᠰᠡᠯ ᠤᠨ ᠵᠠᠬ᠎ᠠ ᠳᠡᠯᠭᠡᠭᠦᠷ᠂ ᠨᠢᠩᠴᠧᠩ ᠤᠨ ᠤᠯᠠᠨ | ᠤᠯᠤᠰ ᠤᠨ ᠬᠤᠳᠠᠯᠳᠤᠭᠠᠨ ᠤ ᠬᠤᠳᠠ ᠵᠡᠷᠭᠡ ᠲᠤᠰᠬᠠᠶ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠰᠦᠯᠵᠢᠶᠡᠨ ᠤ ᠣᠳᠣᠨ ᠤ ᠠᠵᠤ ᠠᠬᠤᠶ᠂ ᠰᠢᠭᠤᠳ ᠨᠡᠪᠲᠡᠷᠡᠭᠦᠯᠬᠦ ᠠᠵᠤ ᠠᠬᠤᠶ᠂ ᠰᠥᠨᠢ ᠶᠢᠨ | ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠬᠥᠭᠵᠢᠭᠦᠯᠦᠨ᠎ᠡ᠃ ︽ | ᠵᠢᠭᠤᠯᠴᠢᠯᠠᠯ ᠤᠨ ᠵᠢᠷᠭᠤᠭᠠᠨ ᠰᠣᠳᠣ︾ ᠶᠢ ᠦᠷᠭᠦᠯᠵᠢᠯᠡᠨ ᠪᠣᠶ ᠪᠣᠯᠭᠠᠵᠤ᠂ 51 ᠭᠤᠤᠯᠳᠠᠯᠭᠠᠲᠠᠶ ᠰᠣᠶᠣᠯ ᠤᠨ | ᠵᠢᠭᠤᠯᠴᠢᠯᠠᠯ ᠤᠨ ᠲᠥᠷᠥᠯ ᠵᠦᠢᠯ ᠢ ᠬᠡᠷᠡᠭᠵᠢᠭᠦᠯᠦᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠪᠡᠯᠡᠳᠬᠡᠮᠵᠢ ᠶᠢ | ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠨᠠᠩ ᠣᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ | ᠭᠠᠷᠭᠠᠨ᠎ᠠ᠃ ᠬᠡᠰᠢᠭᠲᠡᠨ ᠬᠤᠰᠢᠭᠤᠨ ᠤ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠠᠷᠠᠴᠢᠨ ᠬᠤᠰᠢᠭᠤ᠂ ᠨᠢᠩᠴᠧᠩ ᠰᠢᠶᠠᠨ ᠤ ᠥᠪᠡᠷᠲᠡᠭᠡᠨ | ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ | ᠪᠠᠶᠢᠭᠤᠯᠬᠤ ᠶᠢ ᠠᠬᠢᠭᠤᠯᠵᠤ᠂ ᠭᠤᠷᠪᠠᠳᠤᠭᠠᠷ ᠬᠤᠭᠤᠴᠠᠭᠠᠨ ᠤ ᠪᠥᠬᠦ ᠬᠤᠲᠠ ᠶᠢᠨ ᠵᠢᠭᠤᠯᠴᠢᠯᠠᠯ ᠤᠨ | ᠬᠥᠭᠵᠢᠭᠦᠯᠦᠯᠲᠡ ᠶᠢᠨ ᠶᠡᠭᠡ ᠬᠤᠷᠠᠯ ᠢ ᠰᠠᠶᠢᠲᠤᠷ ᠡᠷᠭᠢᠯᠡᠨ᠎ᠡ᠃ ᠮᠥᠩᠭᠦᠨ ᠭᠦᠢᠯᠭᠡᠭᠡᠨ ᠳᠠᠭᠠᠳᠬᠠᠯ᠂ ᠰᠤᠷᠭᠠᠨ | ᠬᠥᠮᠦᠵᠢᠯ ᠪᠣᠯᠪᠠᠰᠤᠷᠠᠭᠤᠯᠤᠯ᠂ ᠨᠠᠰᠤᠲᠠᠨ ᠢ ᠠᠰᠠᠷᠠᠵᠤ ᠨᠢᠯᠬᠠᠰ ᠢ ᠰᠠᠭᠠᠲᠠᠭᠤᠯᠬᠤ᠂ ᠬᠡᠷ ᠤᠨ ᠶᠠᠪᠤᠳᠠᠯ ᠤᠨ | ᠦᠢᠯᠡᠴᠢᠯᠡᠭᠡ᠂ ᠪᠡᠶ᠎ᠡ ᠴᠢᠭᠢᠷᠠᠭᠵᠢᠭᠤᠯᠤᠨ ᠰᠡᠯᠡᠭᠦᠴᠡᠬᠦ᠂ ᠮᠡᠳᠡᠭᠡ ᠵᠠᠩᠭᠢ ᠶᠢᠨ ᠯᠠᠪᠯᠠᠭ᠎ᠠ᠂ ᠰᠢᠯᠭᠠᠨ ᠪᠠᠶᠢᠴᠠᠭᠠᠵᠤ | ᠭᠡᠷᠡᠴᠢᠯᠡᠬᠦ᠂ ᠺᠠᠷᠲ᠋ᠣᠨ ᠵᠢᠷᠤᠭ ᠲᠥᠯᠥᠪᠯᠡᠭᠡ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ | ᠬᠥᠭᠵᠢᠭᠦᠯᠵᠦ᠂ ᠳᠤᠮᠳᠠᠳᠤ ᠤᠯᠤᠰ · ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠭ᠎ᠠ ᠶᠢᠨ ᠰᠠᠯᠠᠭ᠎ᠠ | |