ᠸᠠᠩ ᠸᠠᠩ ᠱᠧᠩ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠤᠨ ᠲᠤᠬᠠᠢ ᠨᠢᠩᠴᠧᠩ ᠰᠢᠶᠠᠨ ᠪᠣᠯᠤᠨ ᠬᠤᠩᠱᠠᠨ ᠲᠣᠭᠤᠷᠢᠭ ᠲᠤ ᠬᠥᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/3/10
      3 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠤᠨ ᠲᠤᠬᠠᠢ ᠨᠢᠩᠴᠧᠩ ᠰᠢᠶᠠᠨ ᠪᠣᠯᠤᠨ ᠬᠤᠩᠱᠠᠨ ᠲᠣᠭᠤᠷᠢᠭ ᠲᠤ ᠬᠥᠷᠴᠦ ᠪᠠᠶᠢᠴᠠᠭᠠᠨ ᠰᠤᠳᠤᠯᠤᠯᠲᠠ ᠬᠢᠪᠡ᠃       ᠸᠠᠩ ᠸᠠᠩ ᠱᠧᠩ ᠤᠷᠢᠳ ᠬᠤᠵᠢᠳ ᠨᠢᠩᠴᠧᠩ ᠰᠢᠶᠠᠨ ᠤ ᠵᠦᠩ ᠲᠠᠩ ᠣᠨᠴᠠ ᠪᠤᠯᠤᠳ ᠲᠡᠮᠦᠷ ᠤᠨ ᠬᠡᠦᠷᠡᠰᠦ ᠶᠢ ᠨᠢᠭᠡ ᠴᠤᠬᠴᠠᠵᠢᠭᠤᠯᠬᠤ ᠲᠦᠷᠦᠯ ᠵᠦᠢᠯ᠂ ᠳ᠋ᠡ ᠴᠧᠩᠽᠢ ᠪᠠᠯᠭᠠᠰᠤ ᠶᠢᠨ ᠤᠶᠤᠨᠲᠤ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠰᠠᠨ ᠽᠦᠸᠧ ᠳ᠋ᠢᠶᠠᠨ ᠪᠠᠯᠭᠠᠰᠤ ᠶᠢᠨ ᠮᠠ ᠱᠢ ᠶᠢᠩᠽᠢ ᠲᠣᠰᠬᠤᠨ ᠤ ᠶᠡᠭᠡ ᠢᠩᠲᠣᠣᠷ ᠤᠨ ᠠᠵᠤ ᠦᠢᠯᠡᠰ ᠤᠨ ᠬᠦᠷᠢᠶᠡᠯᠡᠩ ᠪᠣᠯᠤᠨ ᠦᠨᠳᠦᠰᠦᠲᠡᠨ ᠤ ᠰᠣᠶᠣᠯ ᠤᠨ ᠶᠡᠷᠦᠩᠬᠡᠶᠢᠯᠡᠭᠰᠡᠨ ᠠᠵᠢᠯᠯᠠᠭ᠎ᠠ ᠶᠢᠨ ᠲᠥᠪ᠂ ᠬᠤᠩᠱᠠᠨ ᠲᠣᠭᠤᠷᠢᠭ ᠤᠨ ᠶᠤᠸᠠᠨ ᠯᠢᠶᠠᠨ ᠪᠤᠯᠤᠳ ᠲᠡᠮᠦᠷ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠡᠨᠧᠷᠭᠢ ᠶᠢᠨ ᠬᠤᠷᠣᠭᠳᠠᠯ ᠤᠰᠤᠨ ᠤ ᠬᠤᠷᠣᠭᠳᠠᠯ᠂ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ᠂ ᠠᠶᠤᠯᠭᠦᠢ ᠦᠢᠯᠡᠳᠪᠦᠷᠢᠯᠡᠯ᠂ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠬᠤ ᠶᠢᠨ ᠬᠠᠮᠲᠤ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠱᠠᠭᠠᠷᠳᠠᠯᠭ᠎ᠠ ᠶᠢ  ᠨᠠᠶᠢᠳᠠᠪᠤᠷᠢᠵᠢᠭᠤᠯᠬᠤ᠂ ᠤᠰᠤᠨ ᠤ ᠬᠤᠷᠣᠭᠳᠠᠯ ᠢ ᠪᠠᠭᠠᠰᠬᠠᠬᠤ ᠵᠡᠷᠭᠡ ᠪᠣᠳᠠᠲᠠᠢ ᠠᠵᠢᠯ ᠢ ᠰᠤᠳᠤᠯᠤᠨ ᠪᠠᠶᠢᠴᠠᠭᠠᠪᠠ       ᠸᠠᠩ ᠸᠠᠩ ᠱᠧᠩ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠬᠤ ᠪᠣᠯ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠪᠣᠳᠠᠲᠠᠢ ᠢᠯᠡᠷᠡᠯ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠳᠤᠯᠤᠨ ᠣᠶᠢᠯᠠᠭᠠᠵᠤ᠂ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠲᠤᠰᠬᠠᠢ ᠮᠡᠷᠭᠡᠵᠢᠯ ᠤᠨ ᠴᠢᠳᠠᠪᠤᠷᠢ᠂ ᠡᠵᠡᠮᠳᠡᠬᠦ ᠴᠢᠳᠠᠪᠤᠷᠢ᠂ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠤ ᠠᠬᠤᠶᠢᠯᠠᠯ ᠳᠤ ᠪᠣᠳᠠᠲᠠᠢ ᠪᠠᠷ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠷᠭ᠎ᠠ ᠤᠬᠠᠭᠠᠨ ᠭᠠᠷᠭᠠᠵᠤ᠂ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠯᠤᠰ ᠬᠡᠳᠤ ᠶᠢᠨ ᠡᠷᠡᠭᠦᠯ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠰᠢᠨ᠎ᠡ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠳᠤ ᠰᠠᠭᠤᠷᠢᠯᠠᠵᠤ᠂ ᠲᠤᠰ ᠪᠡᠶ᠎ᠡ ᠶᠢᠨ ᠡᠨᠧᠷᠭᠢ ᠶᠢᠨ ᠬᠤᠷᠣᠭᠳᠠᠯ ᠤᠰᠤᠨ ᠤ ᠬᠤᠷᠣᠭᠳᠠᠯ ᠢ ᠪᠦᠬᠦ ᠲᠠᠯ᠎ᠠ ᠪᠠᠷ ᠡᠮᠬᠢᠯᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠬᠤ ᠶᠢᠨ ᠬᠠᠮᠲᠤ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠪᠠᠷ ᠳᠠᠮᠵᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠸᠠᠩ ᠱᠧᠩ᠂ ᠲᠠᠷᠢᠶᠠᠯᠠᠬᠤ ᠣᠷᠣᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠦᠴᠦᠲᠡᠢ ᠭᠠᠷᠳᠠᠴᠠ ᠮᠥᠨ᠃ ᠡᠯ᠎ᠡ ᠭᠠᠵᠠᠷ ᠣᠷᠣᠨ ᠤ ᠬᠢᠨ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠢ ᠪᠤᠶᠢᠵᠢᠭᠤᠯᠬᠤ᠂ ᠤᠰᠤ ᠠᠷᠪᠢᠯᠠᠵᠤ ᠪᠤᠷᠳᠤᠭᠤᠷ ᠢ ᠬᠢᠵᠠᠭᠠᠷᠯᠠᠬᠤ᠂ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠬᠤ ᠬᠦᠴᠦᠨ ᠢ ᠴᠢᠩᠭᠠᠳᠬᠠᠬᠤ ᠵᠡᠷᠭᠡ ᠲᠠᠯ᠎ᠠ ᠪᠠᠷ ᠲᠤᠷᠰᠢᠯᠭ᠎ᠠ ᠬᠠᠶᠢᠵᠤ᠂ ᠭᠠᠷᠬᠤ ᠵᠠᠮ ᠰᠦᠪᠡᠭᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ᠂ ᠲᠣᠭᠠᠴᠢᠯᠠᠭᠰᠠᠨ ᠡᠨᠧᠷᠭᠢ ᠣᠯᠭᠤᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢ ᠥᠩᠭᠡᠯᠡᠵᠦ᠂ ᠠᠵᠤ ᠦᠢᠯᠡᠰ ᠤᠨ ᠥᠷᠲᠡᠭ ᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠤᠭ ᠨᠣᠪᠰᠢ ᠶᠢ ᠰᠢᠢᠳᠪᠦᠷᠢᠯᠡᠬᠦ᠂ ᠣᠯᠠᠨ ᠡᠬᠢᠲᠦ ᠪᠣᠬᠢᠷᠲᠤᠯ ᠢ ᠰᠢᠢᠳᠪᠦᠷᠢᠯᠡᠬᠦ᠂ ᠣᠯᠠᠨ ᠲᠦᠮᠡᠨ ᠤ ᠢᠳᠡᠪᠬᠢᠵᠢᠯ ᠢ ᠳᠠᠶᠢᠴᠢᠯᠠᠬᠤ ᠵᠡᠷᠭᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠲᠡᠦᠬᠡ ᠶᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠦᠰ ᠮᠡᠲᠦ ᠲᠣᠳᠤᠨᠤ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠭᠦᠳᠦᠨ ᠪᠠᠶᠢᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠲᠠ ᠶᠢᠨ ᠤᠳᠤᠷᠢᠳᠤᠯᠭ᠎ᠠ ᠵᠠᠩ ᠾᠧᠩ᠂ ᠸᠠᠩ ᠭᠦᠸᠧ ᠰᠧᠨ ᠨᠢᠩᠴᠧᠩ ᠰᠢᠶᠠᠨ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠣᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号