ᠪᠦᠬᠦ ᠰᠢᠶᠠᠨ ᠤ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠳᠤᠮᠳᠠ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/3/11
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ 2021 ᠣᠨ ᠳᠤ ᠪᠥᠬᠦ ᠰᠢᠶᠠᠨ ᠤ ᠬᠡᠪᠴᠢᠶᠡᠨ ᠳᠤ ᠨᠢᠭᠡ ᠵᠢᠯ ᠤᠨ ᠬᠤᠭᠤᠴᠠᠭ᠎ᠠ ᠲᠠᠢ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠬᠦ ᠲᠤᠯᠠ᠂ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠠᠰᠠᠭᠤᠳᠠᠯ ᠪᠠᠶᠢᠪᠠᠯ ᠦᠨᠡᠨ ᠪᠣᠳᠠᠲᠠᠶ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ 2010 ᠣᠨ ᠠᠴᠠ ᠨᠠᠰᠢᠬᠢ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠭᠰᠡᠨ ᠦᠢᠯᠡ ᠠᠵᠢᠯᠯᠠᠭ᠎ᠠ᠂ ᠢᠯᠠᠩᠭᠤᠶ᠎ᠠ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠦᠭᠰᠡᠨ ᠠᠴᠠ ᠨᠠᠰᠢ ᠮᠥᠨ ᠬᠦ ᠥᠰᠢᠯᠳᠦᠨ ᠬᠡᠷᠡᠭ ᠦᠢᠯᠡᠳᠴᠦ᠂ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠠᠰᠠᠭᠤᠳᠠᠯ᠃ ᠪᠠᠰᠠ 2010 ᠣᠨ ᠠᠴᠠ ᠨᠠᠰᠢ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠶᠢ ᠲᠣᠷᠭᠠᠭᠰᠠᠨ ᠨᠢ ᠵᠣᠬᠢᠰ ᠥᠬᠡᠶ᠂ ᠪᠠᠷᠢᠮᠵᠢᠶ᠎ᠠ ᠶᠢ ᠪᠠᠭᠤᠷᠠᠭᠤᠯᠤᠨ ᠰᠢᠢᠳᠪᠦᠷᠢᠯᠡᠭᠰᠡᠨ᠂ ᠲᠣᠷᠭᠠᠭᠤᠯᠢ ᠪᠠᠷ ᠡᠷᠡᠭᠦᠤ ᠶᠢᠨ ᠰᠢᠢᠳᠬᠡᠯ ᠢ ᠣᠷᠣᠯᠠᠭᠤᠯᠤᠭᠰᠠᠨ ᠵᠡᠷᠭᠡ ᠠᠰᠠᠭᠤᠳᠠᠯ ᠤᠳ᠃      ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠨᠡᠶᠢᠭᠡᠮ ᠤᠨ ᠡᠯ᠎ᠡ ᠡᠲᠡᠭᠡᠳ ᠤᠨ ᠬᠢᠨ ᠮᠠᠨ ᠤ  ᠰᠢᠶᠠᠨ ᠤ ᠨᠤᠲᠤᠭ ᠪᠡᠯᠴᠢᠭᠡᠷ ᠣᠶᠢᠲᠣ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠢᠯᠡᠴᠢᠯᠡᠨ  ᠮᠡᠳᠡᠭᠦᠯᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 —11᠄ 30᠂ ᠦᠳᠡ ᠶᠢᠨ ᠬᠤᠶᠢᠨ᠎ᠠ 14᠄ 30 —17᠄ 30᠃      ᠢᠯᠡᠴᠢᠯᠡᠨ ᠮᠡᠳᠡᠭᠦᠯᠬᠦ ᠢᠮᠧᠯ᠄ lxxlcj @ 126 . com     ᠢᠯᠡᠴᠢᠯᠡᠨ ᠮᠡᠳᠡᠭᠦᠯᠬᠦ ᠤᠲᠠᠰᠤ᠄ 0476 - 5353086       ᠵᠠᠬᠢᠳᠠᠯ ᠤᠨ ᠬᠠᠶ᠋ᠢᠭ᠄ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠰᠢᠩ ᠯᠢᠨ ᠵᠠᠮ ᠤᠨ 86 ᠳ᠋ᠤᠭᠠᠷ ᠨᠣᠮᠧᠷ ᠲᠠᠬᠢ ᠯᠢᠨᠰᠢ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠭᠤᠷᠪᠠᠳᠤᠭᠠᠷ ᠳᠠᠪᠬᠤᠷᠯᠢᠭ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ  ᠲᠠᠰᠤᠭ     ᠰᠢᠦᠳᠠᠨ ᠳ᠋ᠤᠭᠠᠷ᠄ 025250       ᠰᠤᠷᠪᠤᠯᠵᠢᠯᠠᠭ᠎ᠠ ᠬᠦᠯᠢᠶᠡᠬᠦ ᠬᠠᠶ᠋ᠢᠭ᠄ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠰᠢᠩ ᠯᠢᠨ ᠵᠠᠮ ᠤᠨ 86 ᠳ᠋ᠤᠭᠠᠷ ᠨᠣᠮᠧᠷᠲᠤ ᠯᠢᠨᠰᠢ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ        ᠯᠢᠨᠰᠢ ᠰᠢᠶᠠᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ  ᠡᠪᠳᠡᠵᠦ  ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ  ᠲᠣᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ                            2021 ᠣᠨ ᠤ 3 ᠳ᠋ᠤᠭᠠᠷ ᠰᠠᠷ᠎ᠠ ᠶᠢᠨ 7 ᠤ ᠡᠳᠦᠷ᠃
 
ᠢᠷᠡᠯᠲᠡ᠄ ᠯᠢᠨᠰᠢ ᠰᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号