ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/16
     3 ᠰᠠᠷ᠎ᠠ ᠶᠢᠨ 12 ᠤᠨ ᠡᠳᠦᠷ᠂ ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ   ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠸᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠶᠤᠯᠴᠡᠴᠡᠭ ᠵᠡᠷᠭᠡ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ ᠵᠧᠨ ᠱᠠᠨ ᠬᠤᠷᠠᠯ ᠡᠷᠭᠢᠯᠡᠪᠡ᠃        ᠸᠠᠩ ᠸᠠᠩ ᠱᠧᠩ᠂ ᠮᠠᠨ ᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ ᠴᠠᠭ ᠮᠥᠴᠡ ᠳᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠲᠣᠭᠲᠠᠭᠰᠠᠨ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠬᠠᠪᠰᠤᠷᠴᠤ ᠪᠠᠶᠢᠭᠠᠳ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠨᠢ ᠨᠡᠮᠡᠭᠳᠡᠭᠦᠯᠵᠦ᠂ ᠲᠡᠦᠬᠡ ᠶᠢᠨ ᠵᠠᠶᠢᠯᠠᠰᠢ ᠦᠭᠡᠢ ᠴᠢᠨᠠᠷ ᠤᠨ ᠳᠤᠮᠳᠠ ᠠᠴᠠ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠨᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠸᠠᠩ ᠱᠧᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠡᠵᠡᠮᠳᠡᠵᠦ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠲᠤᠰᠬᠠᠢ ᠰᠡᠳᠦᠪᠲᠦ ᠪᠣᠯᠪᠠᠰᠤᠷᠠᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠣᠯᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠮ ᠤᠨ ᠤᠳᠤᠷᠢᠳᠬᠤ ᠭᠤᠣᠯᠯᠠᠭᠴᠢ ᠦᠢᠯᠡᠳᠦᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠡᠩ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠦᠨᠡᠨᠬᠦ ᠵᠡᠪᠰᠡᠭᠯᠡᠬᠦ ᠬᠡᠷᠡᠭᠲᠡᠢ᠃ ᠨᠠᠮ ᠤᠨ ᠵᠣᠷᠢᠯᠲᠠ ᠶᠢᠨ ᠤᠬᠠᠮᠰᠠᠷ ᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠬᠡᠷᠡᠭᠲᠡᠢ᠃ ᠲᠡᠦᠬᠡ ᠶᠢᠨ ᠵᠢᠮ᠎ᠡ ᠶᠣᠰᠣ ᠶᠢ ᠡᠵᠡᠮᠳᠡᠬᠦ ᠳᠡᠭᠡᠷ᠎ᠡ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠡᠦᠬᠡ ᠶᠢᠨ ᠲᠤᠷᠰᠢᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠠᠷᠭᠠᠴᠠᠬᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠳᠡᠭᠡᠷ᠎ᠡ ᠬᠦᠴᠦ ᠲᠠᠯᠪᠢᠵᠤ᠂ ᠰᠢᠯᠢᠳᠡᠭ ᠰᠠᠶᠢᠨ ᠰᠤᠷᠲᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠸᠠᠩ ᠱᠧᠩ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠠᠪᠤᠳᠠᠯ ᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠭᠡᠳᠦᠯᠲᠡᠶ ᠲᠥᠯᠥᠪᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠴᠢᠩᠭᠠᠳᠬᠠᠨ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠰᠠᠶᠢᠨ ᠦᠷ᠎ᠡ ᠪᠦᠲᠦᠮᠵᠢ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠪᠣᠯᠭᠠᠨ ᠳᠡᠪᠰᠢᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠨᠢ ᠳᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠪᠠᠶᠢᠭᠤᠯᠪᠠ᠃  
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号