ᠸᠠᠩ ᠸᠠᠩ ᠱᠧᠩ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ ᠠᠵᠤ ᠦᠢᠯᠡᠰ ᠤᠨ ᠰᠢᠨ᠎ᠡ ᠠᠮᠢ ᠠᠬᠤᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/3/18
      3 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠡᠰᠡᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠨᠢᠭᠲᠠ ᠤᠶᠠᠯᠳᠤᠭᠤᠯᠤᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠷᠠᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠦᠯᠦᠭᠯᠡᠯ ᠢᠶᠠᠷ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠸᠠᠩ ᠸᠠᠩ ᠱᠧᠩ ᠤᠷᠢᠳ ᠬᠤᠵᠢᠳ ᠤᠯᠠᠭᠠᠨᠬᠠᠳᠠ ᠶᠢᠨ ᠨᠤᠸᠠᠨ ᠵᠢᠶᠧ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠶᠢᠨ ᠰᠠᠢ ᠯᠢᠨ ᠲᠠᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠹᠦ᠋ ᠨᠠ ᠺᠠᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠠᠶᠢᠺᠧ ᠡᠮ ᠦᠢᠯᠡᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠡᠸ᠋ᠨ ᠸᠧ ᠡᠯᠧᠺᠳ᠋ᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠵᠡᠷᠭᠡ ᠠᠰᠠᠭᠤᠳᠠᠯ ᠤᠨ ᠲᠤᠬᠠᠶ ᠵᠢᠯᠣᠭᠤᠳᠬᠤ ᠰᠠᠨᠠᠯ ᠳᠤᠷᠠᠳᠪᠠ᠃       ᠸᠠᠩ ᠸᠠᠩ ᠱᠧᠩ᠂ ᠰᠢᠨ᠎ᠡ ᠶᠢ ᠡᠭᠦᠳᠬᠦ ᠪᠣᠯ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠭᠤᠣᠯᠯᠠᠭᠴᠢ ᠬᠥᠳᠡᠯᠭᠡᠬᠦ ᠬᠦᠴᠦᠨ ᠮᠥᠨ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠳ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠨ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠮᠠᠨ ᠤ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠸᠠᠩ ᠸᠠᠩ ᠱᠧᠩ᠂ ᠣᠨᠤᠴᠠᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠴᠢᠩᠭᠠᠳᠬᠠᠵᠤ᠂ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ ᠶᠢᠨ ᠲᠣᠭᠤᠷᠢᠨ ᠳᠤ᠂ ᠭᠤᠣᠯᠯᠠᠬᠤ ᠠᠵᠤ ᠦᠢᠯᠡᠰ ᠤᠨ ᠬᠡᠯᠵᠢᠶ᠎ᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠳᠡᠭᠡᠷ᠎ᠡ ᠬᠦᠴᠦ ᠣᠷᠣᠭᠤᠯᠵᠤ᠂ ᠠᠵᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠥᠨᠳᠥᠷ ᠪᠦᠲᠦᠮᠵᠢᠲᠡᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠂ ᠨᠡᠩ ᠰᠢᠯᠢᠳᠡᠭ ᠳᠥᠭᠦᠮ ᠳᠥᠲᠡ ᠦᠢᠯᠡᠴᠢᠯᠡᠭᠡ ᠪᠠᠷ ᠨᠡᠩ ᠤᠯᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠮᠠᠨ ᠤ ᠬᠤᠳᠠ ᠳᠤ ᠨᠤᠲᠤᠭᠰᠢᠬᠤ ᠶᠢ ᠲᠠᠲᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠸᠠᠩ ᠱᠧᠩ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠴᠢᠯᠡᠬᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠵᠤ ᠠᠬᠤᠶᠢᠯᠠᠯ ᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠷᠡᠭᠦᠯ ᠪᠥᠭᠡᠳ ᠲᠦᠷᠭᠡᠨ ᠢᠶᠠᠷ ᠬᠥᠭᠵᠢᠬᠦ ᠳᠤ ᠬᠦᠴᠦ ᠨᠡᠮᠡᠷᠢᠯᠡᠬᠦ ᠬᠡᠷᠡᠭᠲᠡᠢ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠲᠥᠷᠥᠯ ᠵᠦᠢᠯ ᠤᠨ ᠨᠥᠭᠡᠴᠡᠯᠡᠯᠲᠡ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠦᠨ ᠳᠠᠭᠠᠭᠤᠯᠬᠤ ᠳᠤ ᠦᠷᠭᠦᠯᠵᠢᠯᠡᠭᠰᠡᠨ ᠬᠥᠳᠡᠯᠭᠡᠭᠴᠢ ᠡᠨᠧᠷᠭᠢ ᠬᠠᠩᠭᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠳᠠᠮᠵᠢᠭᠤᠯᠤᠨ᠂ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠡᠷᠡᠭᠦᠯ ᠰᠠᠷᠠᠭᠤᠯ ᠠᠯᠤᠰ ᠬᠡᠳᠤ ᠶᠢᠨ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠠᠵᠤ ᠠᠬᠤᠶᠢᠯᠠᠯ ᠤᠨ ᠦᠰᠦᠨ ᠪᠤᠶᠢᠵᠢᠵᠤ ᠪᠤᠵᠠᠭᠠᠢᠢᠷᠠᠬᠤ ᠪᠦᠬᠦ ᠶᠠᠪᠤᠴᠠ ᠳᠤ ᠲᠤᠤᠱᠯᠠᠭᠤᠯᠵᠤ᠂ ᠬᠥᠭᠵᠢᠯᠲᠡ ᠶᠢᠨ ᠠᠮᠢᠨ ᠰᠤᠳᠠᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃       ᠬᠤᠲᠠ ᠶᠢᠨ ᠳᠡᠳ᠋ ᠳᠠᠷᠤᠭ᠎ᠠ ᠯᠢ ᠶᠠᠨ ᠷᠦ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号