︵ᠬᠤᠶᠠᠷ︶ ᠳᠣᠲᠣᠭᠠᠳᠤ ᠬᠡᠷᠡᠭᠴᠡᠭᠡ ᠪᠠᠨ ᠥᠷᠭᠡᠳᠭᠡᠬᠦ ᠳᠤ ᠬᠦᠴᠦᠨ ᠢᠶᠠᠨ ᠲᠥᠪᠯᠡᠷᠡᠭᠦᠯᠦᠨ᠂ ᠬᠤᠣᠰ | ᠡᠷᠬᠢᠯᠳᠡᠳᠦ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠨ᠎ᠠ ᠪᠦᠲᠦᠮᠵᠢᠲᠡᠶ ᠪᠡᠯᠡ | ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠵᠢᠴᠢ ᠲᠤᠰᠬᠠᠶ ᠵᠦᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ︽ᠬᠤᠶᠠᠷ ᠰᠢᠨ᠎ᠡ ᠨᠢᠭᠡ ᠭᠤᠣᠯᠳᠠᠯᠭᠠᠲᠠᠢ︾᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠠ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠨᠢᠭᠡ ᠪᠦᠯᠦᠭ ᠴᠢᠬᠤᠯᠠ ᠶᠡᠭᠡ ᠨᠥᠭᠡᠴᠡ ᠲᠥᠷᠥᠯ ᠵᠦᠢᠯ ᠢ ᠰᠤᠳᠤᠯᠤᠨ ᠰᠦᠪᠡᠭᠴᠢᠯᠡᠬᠦ ᠪᠠ ᠲᠥᠪᠯᠡᠷᠡᠭᠦᠯᠦᠨ | ᠠᠬᠢᠭᠤᠯᠵᠤ᠂ ᠤᠯᠤᠰ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠥᠪᠡᠷᠲᠡᠭᠡᠨ ᠵᠠᠰᠠᠬᠤ ᠣᠷᠣᠨ ᠤ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ᠂ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠮᠥᠩᠭᠦ ᠪᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ | ᠳᠡᠭᠡᠷ᠎ᠡ ᠵᠢᠯ ᠤᠨ ᠬᠢ ᠠᠴᠠ ᠪᠠᠰᠠ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠵᠢᠯ ᠳᠤ ᠪᠡᠯᠡ ᠤᠷᠤᠭᠤᠯᠤᠯᠲᠠ ᠨᠢ 5000 ᠲᠦᠮᠡᠨ | ᠲᠥᠭᠦᠷᠢᠭ ᠠᠴᠠ ᠳᠡᠭᠡᠭᠰᠢᠬᠢ ︵ᠨᠡᠶᠢᠭᠡᠮ ᠤᠨ ᠦᠢᠯᠡᠰ ᠤᠨ 1000 ᠲᠦᠮᠡᠨ ᠲᠥᠭᠦᠷᠢᠭ ᠠᠴᠠ ᠳᠡᠭᠡᠭᠰᠢᠬᠢ︶ | ᠭᠤᠤᠯᠳᠠᠯᠭᠠᠲᠠᠶ ᠲᠥᠷᠥᠯ ᠵᠦᠢᠯ ᠢ 500 ᠠᠴᠠ ᠳᠡᠭᠡᠭᠰᠢ ᠠᠵᠢᠯ ᠡᠬᠢᠯᠡᠭᠦᠯᠦᠨ ᠪᠠᠷᠢᠯᠭ᠎ᠠ ᠡᠬᠢᠯᠡᠭᠦᠯᠵᠦ᠂ 600 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠭᠤᠤᠯᠳᠠᠯᠭᠠᠲᠠᠶ ᠵᠠᠮ | ᠬᠠᠷᠢᠯᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠶᠤᠤ ᠴᠧᠩ ᠽᠢ ᠠᠴᠠ | ᠫᠢᠩ ᠴᠢᠤᠸᠠᠨ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠪᠠᠶᠢᠭᠤᠯᠵᠤ ᠪᠠᠶᠢᠭ᠎ᠠ 7 ᠲᠥᠷᠥᠯ ᠵᠦᠢᠯ ᠤᠨ | ᠠᠬᠢᠴᠠ ᠶᠢ ᠲᠦᠷᠭᠡᠳᠬᠡᠨ ᠠᠬᠢᠭᠤᠯᠵᠤ᠂ ᠪᠣᠷᠣᠬᠤᠲᠠ ᠠᠴᠠ ᠴᠢᠪᠠᠭ᠎ᠠ ᠬᠥᠷᠬᠦ ᠣᠷᠣᠨ ᠨᠤᠲᠤᠭ ᠤᠨ ᠥᠨᠳᠥᠷ | ᠬᠤᠷᠳᠤᠴᠠᠲᠤ ᠵᠠᠰᠠᠮᠠᠯ ᠵᠠᠮ᠂ ᠲᠠᠪᠢᠨ ᠭᠡᠷ ᠠᠴᠠ ᠯᠢᠨᠰᠢ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ | ᠤᠯᠠᠭᠠᠨᠬᠠᠳᠠ ᠠᠴᠠ ᠰᠢᠶᠤᠤ ᠺᠠ ᠯᠠ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠦᠨ | ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠬᠠᠰ ᠯᠣᠣ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷᠢᠯᠭ᠎ᠠ ᠶᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ 5 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠤᠨ᠎ᠠ᠃ ᠤᠯᠠᠭᠠᠨᠬᠠᠳᠠ ᠠᠴᠠ | ᠳ᠋ᠠᠪᠠᠨ ᠬᠦᠷᠬᠦ ᠠᠶᠠᠨᠴᠢᠳ ᠤᠨ ᠲᠡᠮᠦᠷ ᠵᠠᠮ᠂ ᠤᠯᠠᠭᠠᠨᠬᠠᠳᠠ ᠠᠴᠠ ᠲᠦᠩᠯᠢᠶᠣᠤ ᠬᠥᠷᠬᠦ 500 ᠺᠢᠯᠤᠸᠣᠯᠲ ᠤᠨ | ᠴᠠᠬᠢᠯᠭᠠᠨ ᠰᠦᠯᠵᠢᠶ᠎ᠡ᠂ ᠬᠤᠲᠠ ᠶᠢᠨ ᠳᠣᠲᠣᠷᠠᠬᠢ ᠣᠷᠣᠨ ᠠᠯᠤᠰᠯᠠᠨ ᠤᠰᠤ ᠲᠠᠲᠠᠬᠤ ᠵᠡᠷᠭᠡ ᠢᠨᠵᠧᠨᠧᠷᠢᠩ ᠤᠨ | ᠡᠮᠦᠨᠡᠬᠢ ᠬᠤᠭᠤᠴᠠᠭᠠᠨ ᠤ ᠠᠵᠢᠯ ᠢ ᠲᠥᠷᠭᠡᠨ ᠠᠬᠢᠭᠤᠯᠵᠤ᠂ ᠴᠤᠤᠶᠠᠩ ᠠᠴᠠ ᠤᠯᠠᠭᠠᠨᠬᠠᠳᠠ ᠬᠥᠷᠬᠦ ᠬᠡᠶ | ᠳᠠᠮᠵᠢᠭᠤᠯᠬᠤ ᠬᠤᠭᠤᠯᠠᠶ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠬᠡᠶ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ | ᠃ ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠲᠣ ᠦᠶ᠎ᠡ ᠶᠢᠨ ᠭᠦᠢᠯᠭᠡᠭᠡᠨ ᠤ ᠠᠵᠤ | ᠠᠬᠤᠶᠢᠯᠠᠯ ᠢ ᠢᠳᠡᠪᠬᠢᠲᠡᠢ ᠪᠤᠶᠢᠵᠢᠭᠤᠯᠤᠨ᠂ ᠭᠦᠢᠯᠭᠡᠭᠡᠨ ᠤ ᠪᠡᠯᠡᠳᠬᠡᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ | ᠠᠬᠢᠭᠤᠯᠤᠨ᠂ ᠣᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠦᠨ᠎ᠡ᠃ ᠳᠤᠮᠳᠠᠳᠤ ᠤᠯᠤᠰ · | ᠤᠯᠠᠭᠠᠨᠬᠠᠳᠠ ᠶᠢᠨ ᠶᠠ ᠴᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ | ᠬᠦᠷᠢᠶᠡᠯᠡᠩ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠬᠢᠯᠢ ᠠᠯᠤᠰᠯᠠᠭᠰᠠᠨ ᠴᠠᠬᠢᠮ | ᠠᠷᠠᠯᠵᠢᠶᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠤ | ᠣᠷᠣᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠴᠠᠬᠢᠮ ᠬᠤᠳᠠᠯᠳᠤᠭᠠᠨ ᠤ | ᠶᠠᠪᠤᠳᠠᠯ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠲᠠ ᠳᠤ ᠣᠷᠣᠭᠤᠯᠬᠤ | ᠪᠠ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ ᠳᠤ ᠰᠠᠭᠠᠳ ᠥᠬᠡᠶ ᠨᠡᠪᠲᠡᠷᠡᠬᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ᠂ ᠲᠠᠷᠢᠶᠠᠯᠠᠩ ᠳᠤ ᠬᠤᠯᠪᠣᠭᠳᠠᠬᠤ ᠲᠠᠸᠠᠷ | ᠪᠠ ᠦᠢᠯᠡᠴᠢᠯᠡᠭᠡᠨ ᠤ ᠬᠡᠷᠡᠭᠯᠡᠭᠡ ᠶᠢ ᠵᠡᠷᠭᠡᠪᠡᠷ ᠲᠠᠰ ᠳᠡᠪᠰᠢᠭᠦᠯᠬᠦ ᠭᠦᠢᠯᠭᠡᠭᠡᠨ ᠤ ᠰᠢᠰᠲ᠋ᠧᠮᠵᠢ ᠶᠢ ᠪᠣᠶ ᠪᠣᠯᠭᠠᠬᠤ ᠶᠢ | ᠠᠬᠢᠭᠤᠯᠤᠨ᠂ ᠴᠠᠬᠢᠮ ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠮᠠᠯᠵᠢᠬᠤ ᠣᠷᠣᠨ ᠳᠤ ᠣᠷᠣᠭᠤᠯᠬᠤ | ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠶ | ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠠᠶᠤᠯᠭᠦᠢ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠬᠦ ᠪᠠᠷᠠᠭ᠎ᠠ ᠶᠢᠨ ᠬᠢᠵᠢᠭ ᠳᠡᠯᠭᠡᠷᠡᠭᠦᠯᠬᠦ ᠲᠦᠭᠰᠢᠭᠦᠷᠢ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠭᠠᠳᠠᠭᠠᠳᠤ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠤᠢ | ᠪᠣᠯᠭᠠᠨ᠎ᠠ᠃ ︽ᠪᠡᠭᠡᠵᠢᠩ ᠲᠢᠶᠠᠨᠵᠢᠨ ᠾᠧᠪᠧᠢ ᠳᠤ ᠭᠦᠨᠵᠡᠭᠡᠢ ᠠᠭᠤᠰᠤᠯᠴᠠᠵᠤ᠂ ᠪᠦᠸᠧᠬᠠᠢ ᠲᠠᠩᠭᠢᠰ ᠳᠠᠭᠠᠤ | ᠣᠷᠣᠨ ᠲᠠᠢ ᠢᠳᠡᠪᠬᠢᠲᠡᠢ ᠵᠣᠯᠭᠠᠭᠤᠯᠵᠤ᠂ ᠶᠡᠭᠡ ᠡᠷᠭᠢᠯᠲᠡ ᠳᠤ ᠪᠦᠬᠦ ᠲᠠᠯ᠎ᠠ ᠪᠠᠷ ᠠᠭᠤᠰᠤᠯᠴᠠᠬᠤ︾ | ᠨᠡᠬᠡᠬᠡᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠵᠢᠨᠵᠧᠦ ᠭᠠᠷᠠᠮ᠂ ᠲᠢᠶᠠᠨᠵᠢᠨ ᠭᠠᠷᠠᠮ ᠵᠡᠷᠭᠡ ᠲᠠᠯᠠᠢ | ᠳᠠᠭᠠᠤ ᠭᠠᠷᠠᠮ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠣᠳᠠᠲᠤ | ᠠᠬᠢᠴᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠳᠦᠢᠮᠤ ᠵᠢᠷᠤᠭ ᠢ ᠲᠦᠷᠭᠡᠳᠬᠡᠨ | ᠲᠣᠭᠲᠠᠭᠠᠵᠤ᠂ ᠠᠷᠠᠯᠵᠢᠶᠠᠴᠢᠨ ᠤᠷᠢᠬᠤ ᠳᠦᠰᠤᠪ ᠵᠢᠷᠤᠭ ᠢ ᠵᠢᠷᠤᠭᠯᠠᠵᠤ᠂ ᠭᠤᠤᠯᠳᠠᠯᠭᠠᠲᠠᠶ ᠭᠠᠵᠠᠷ ᠣᠷᠣᠨ ᠪᠠ | ᠭᠤᠤᠯᠳᠠᠯᠭᠠᠲᠠᠶ ᠠᠵᠤ ᠦᠢᠯᠡᠰ ᠲᠤ ᠴᠢᠭᠯᠡᠭᠦᠯᠦᠨ ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠠᠵᠤ ᠦᠢᠯᠡᠰ ᠤᠨ | ᠬᠡᠯᠬᠢᠶ᠎ᠡ ᠶᠢᠨ ᠪᠦᠬᠦᠯᠢ ᠴᠣᠭᠴᠠ ᠶᠢᠨ ᠰᠢᠯᠵᠢᠯᠲᠡ ᠪᠠ ᠬᠤᠯᠪᠣᠭᠳᠠᠬᠤ ᠠᠵᠤ ᠦᠢᠯᠡᠰ ᠤᠨ ᠬᠠᠮᠵᠢᠯᠴᠠᠨ ᠰᠢᠯᠵᠢᠬᠦ ᠶᠢ | ᠢᠳᠡᠪᠬᠢᠲᠡᠶ ᠪᠠᠷ ᠵᠠᠯᠭᠠᠨ ᠠᠪᠴᠤ᠂ ᠵᠢᠯ ᠤᠨ ᠳᠣᠲᠣᠷ᠎ᠠ ᠠᠷᠠᠯᠵᠢᠶᠠᠴᠢᠨ ᠤᠷᠢᠬᠤ ᠲᠥᠷᠥᠯ ᠵᠦᠢᠯ ᠢ 360 ᠠᠴᠠ | ᠳᠡᠭᠡᠭᠰᠢ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ 135 ᠲᠦᠮᠡᠨ | ᠲᠡᠭᠰᠢ ᠳᠥᠷᠪᠡᠯᠵᠢᠨ ᠮᠧᠳ᠋ᠷ ᠰᠢᠨ᠎ᠡ ᠪᠠᠷ ᠪᠣᠶᠣ ᠰᠢᠨᠡᠳᠭᠡᠨ ᠪᠠᠶᠢᠭᠤᠯᠤᠨ᠎ᠠ᠃ ᠬᠤᠳᠠᠯᠳᠤᠭᠠᠴᠢᠳ ᠤᠨ ᠡᠪᠯᠡᠯ᠂ | ᠠᠵᠢᠯ ᠲᠦᠷᠦᠯ ᠤᠨ ᠨᠡᠶᠢᠭᠡᠮᠯᠢᠭ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠲᠡᠮᠵᠢᠵᠤ᠂ ᠳᠥᠷᠪᠡᠳᠦᠭᠡᠷ | ᠬᠤᠭᠤᠴᠠᠭᠠᠨ ᠤ ᠤᠯᠠᠭᠠᠨᠬᠠᠳᠠ ᠨᠤᠲᠤᠭ ᠲᠠᠢ ᠰᠣᠳᠤᠨᠴᠤᠳ ᠤᠨ ᠴᠤᠭᠯᠠᠭᠠᠨ ᠢ ᠰᠠᠶᠢᠲᠤᠷ ᠪᠡᠯᠡᠳᠬᠡᠨ᠎ᠡ᠃ | ᠭᠠᠳᠠᠭᠠᠳᠤ ᠠᠷᠠᠯᠵᠢᠶᠠᠨ ᠤ ᠭᠤᠣᠯᠳᠠᠯᠭᠠᠲᠠᠢ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ | ᠪᠦᠬᠦ ᠵᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠥᠩᠬᠡᠢ ᠬᠡᠮᠵᠢᠶ᠎ᠡ ᠶᠢ ᠠᠳᠠᠯᠢ | ᠬᠤᠭᠤᠴᠠᠭᠠᠨ ᠤ ᠬᠢ ᠠᠴᠠ 6% ᠨᠡᠮᠡᠭᠳᠡᠭᠦᠯᠦᠨ᠎ᠡ᠃ ︵ᠭᠤᠷᠪᠠ︶ ᠪᠣᠬᠢᠷᠳᠤᠯ ᠦᠭᠡᠢ ᠬᠥᠭᠵᠢᠯᠲᠡ ᠳᠤ | ᠬᠦᠴᠦᠨ ᠢᠶᠠᠨ ᠲᠥᠪᠯᠡᠷᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠰᠠᠶᠢᠲᠤᠷ | ᠠᠳᠬᠤᠨ᠎ᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ | ᠠᠰᠠᠭᠤᠳᠠᠯ ᠢ 80% ᠠᠴᠠ ᠢᠯᠡᠭᠦᠦ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠳᠠᠬᠢᠨ ᠢᠯᠡᠷᠡᠬᠦ ᠥᠬᠡᠶ ᠪᠠᠶᠢᠬᠤ ᠶᠢ ᠦᠨᠡᠨᠬᠦ | ᠪᠠᠲᠤᠯᠠᠨ᠎ᠠ᠃ ᠬᠤᠳᠠ ᠶᠢᠨ ᠬᠤᠭ ᠲᠣᠭᠤᠰᠣ ᠶᠢᠨ ᠪᠣᠬᠢᠷᠳᠣᠯ ᠢ ᠵᠠᠰᠠᠬᠤ ᠠᠵᠢᠯ ᠢ ᠲᠤᠪᠤᠶᠢᠮ᠎ᠠ ᠰᠠᠶᠢᠲᠤᠷ | ᠠᠳᠬᠤᠵᠤ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢ ᠬᠡᠷᠡᠭᠵᠢᠭᠦᠯᠵᠦ᠂ ᠬᠤᠭ | ᠬᠠᠶᠠᠭᠳᠠᠮᠠᠯ ᠤᠨ ᠲᠡᠷᠭᠡ ᠶᠢᠨ ᠭᠤᠭᠤᠵᠢᠭᠤᠯᠬᠤ᠂ ᠬᠤᠯᠠᠭᠠᠶᠢᠯᠠᠨ ᠲᠡᠭᠡᠭᠡᠪᠦᠷᠢᠯᠡᠬᠦ ᠳᠤᠷ᠎ᠠ ᠪᠠᠷ ᠢᠶᠠᠨ ᠤᠷᠬᠢᠬᠤ ᠵᠡᠷᠭᠡ | ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠰᠤᠯᠠ ᠨᠡᠭᠦᠷᠡᠰᠦᠨ ᠤ ᠰᠢᠲᠠᠯᠲᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠴᠢᠩᠭᠠᠳᠬᠠᠵᠤ᠂ ᠮᠠᠰᠢᠨᠲᠤ ᠲᠡᠷᠭᠡᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠲᠦᠯᠬᠢᠨ | ᠠᠬᠢᠭᠤᠯᠤᠨ᠎ᠠ᠃ ᠤᠯᠤᠰ ᠤᠨ ᠪᠠᠷᠢᠮᠵᠢᠶ᠎ᠡ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ | ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠵᠡᠷᠭᠡ ᠬᠠᠤᠯᠢ ᠪᠣᠰᠤ | ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠪᠦᠬᠦᠨ ᠢ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠬᠤ ᠶᠢ ᠠᠬᠢᠭᠤᠯᠤᠨ᠎ᠠ᠃ ᠠᠶᠤᠯᠲᠠᠶ | ᠬᠠᠶᠠᠭᠳᠠᠮᠠᠯ ᠪᠣᠳᠠᠰ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠤᠪᠤᠶᠢᠮ᠎ᠠ | ᠰᠠᠶᠢᠲᠤᠷ ᠠᠳᠬᠤᠵᠤ᠂ ᠬᠦᠨᠳᠦ ᠲᠡᠮᠦᠷᠯᠢᠭ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠢᠨᠵᠧᠨᠧᠷᠢᠩ ᠢ ᠰᠠᠶᠢᠲᠤᠷ | ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠲᠣᠪᠤᠶᠢᠮ᠎ᠠ ᠰᠠᠶᠢᠲᠤᠷ ᠠᠳᠬᠤᠵᠤ᠂ ᠦᠢᠯᠡᠳᠪᠦᠷᠢᠯᠡᠯ ᠠᠮᠢᠳᠤᠷᠠᠯ ᠤᠨ ᠬᠠᠶᠠᠭᠳᠠᠮᠠᠯ ᠪᠣᠳᠠᠰ ᠢ ᠡᠬᠢ | ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠢ | ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠲᠥᠰᠦᠪ ᠤᠨ ᠬᠠᠮᠢᠶᠠᠷᠤᠯᠲᠠ ᠶᠢᠨ | ᠲᠦᠷᠢᠮ ᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠣᠨ ᠤ ᠬᠠᠷᠠᠯᠲᠠ ᠶᠢᠨ | ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃ ᠨᠡᠭᠦᠷᠡᠰᠦᠲᠥ᠋ᠷᠥᠭᠴᠢ ᠶᠢ ᠪᠠᠷᠢᠮᠵᠢᠶ᠎ᠠ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠡᠬᠡᠳᠤ ᠱᠠᠳᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ | ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠣᠷᠣᠯᠴᠠᠬᠤ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ᠂ | ᠬᠢᠨᠠᠯᠲᠠ ᠲᠠᠯᠪᠢᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ | ᠣᠷᠣᠯᠴᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠠᠮᠢ ᠠᠬᠤᠶ ᠶᠢᠨ ᠬᠠᠮᠠᠭᠠᠯᠠᠯᠲᠠ ᠪᠠ | ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ | ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ︾ ᠢ ᠨᠠᠷᠢᠨ ᠬᠢᠨᠠᠮᠠᠭᠠᠶ | ᠬᠡᠷᠡᠭᠵᠢᠭᠦᠯᠵᠦ᠂ ᠤᠯᠤᠰ ᠤᠨ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ | ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ | ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ᠂ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ᠂ | ᠬᠦᠷᠢᠶᠡᠯᠡᠭᠰᠡᠨ ᠲᠤᠤᠷ ᠢ ᠵᠠᠳᠠᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠠᠶᠢᠭᠠᠯᠢ ᠶᠢᠨ ᠨᠤᠲᠤᠭ ᠪᠡᠯᠴᠢᠭᠡᠷ ᠢ | ᠬᠠᠮᠠᠭᠠᠯᠠᠵᠤ᠂ ᠨᠤᠲᠤᠭ ᠪᠡᠯᠴᠢᠭᠡᠷ ᠤᠨ ᠬᠡᠰᠡᠭ ᠪᠤᠰᠠᠭ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠰᠢᠰᠲ᠋ᠧᠮ ᠲᠠᠢ ᠪᠠᠷ ᠲᠥᠯᠥᠪᠯᠡᠬᠦ ᠶᠢ ᠪᠠᠷᠢᠮᠲᠠᠯᠠᠵᠤ᠂ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠪᠡᠯᠴᠢᠭᠡᠷ ᠡᠯᠡᠰᠦᠨ ᠤ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠵᠢᠯ ᠤᠨ ᠳᠣᠲᠣᠷ᠎ᠠ ᠣᠶᠢᠵᠢᠭᠤᠯᠬᠤ ᠲᠠᠯᠠᠪᠠᠶ ᠶᠢ 60 ᠲᠦᠮᠡᠨ ᠮᠥ᠂ ᠡᠯᠡᠰᠦᠷᠬᠡᠭᠵᠢᠯ ᠢ | ᠶᠡᠷᠦᠩᠭᠡᠢᠯᠡᠨ ᠵᠠᠰᠠᠬᠤ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠮᠠᠭᠤᠳᠠᠭᠰᠠᠨ ᠣᠶ ᠮᠤᠳᠤ ᠪᠠ | ᠮᠠᠭᠤᠳᠠᠭᠰᠠᠨ ᠨᠤᠲᠤᠭ ᠪᠡᠯᠴᠢᠭᠡᠷ ᠢ ᠥᠭᠡᠷᠡᠴᠢᠯᠡᠨ ᠵᠠᠰᠠᠵᠤ ᠰᠡᠷᠭᠦᠭᠡᠬᠦ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠵᠢᠯ ᠤᠨ ᠳᠣᠲᠣᠷ᠎ᠠ ᠮᠠᠭᠤᠳᠠᠭᠰᠠᠨ ᠣᠶ ᠮᠣᠳᠣ 30 ᠲᠦᠮᠡᠨ ᠮᠥ᠂ ᠮᠠᠭᠤᠳᠠᠭᠰᠠᠨ ᠨᠤᠲᠤᠭ | ᠪᠡᠯᠴᠢᠭᠡᠷ ᠢ 20 ᠲᠦᠮᠡᠨ ᠮᠥ ᠵᠠᠰᠠᠨ ᠰᠡᠷᠭᠦᠭᠡᠬᠦ ᠶᠢ ᠪᠡᠶᠡᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠤᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢᠨ ᠥᠷᠲᠡᠭ ᠢ ᠦᠨᠡᠯᠡᠨ ᠵᠢᠱᠢᠬᠦ ᠶᠢ ᠡᠬᠢᠯᠡᠭᠦᠯᠵᠦ᠂ ᠠᠮᠢ | ᠠᠬᠤᠶ ᠶᠢᠨ ᠪᠦᠲᠦᠭᠡᠭᠳᠡᠬᠦᠨ ᠤ ᠥᠷᠲᠡᠭ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠨ᠎ᠡ᠃ ᠣᠶ ᠰᠢᠭᠤᠶ ᠨᠤᠲᠤᠭ | ᠪᠡᠯᠴᠢᠭᠡᠷ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠰᠤᠨ ᠤ | ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠬᠠᠲᠠᠭᠤ ᠬᠢᠵᠠᠭᠠᠷᠯᠠᠯ ᠪᠠ ᠬᠢᠨᠠᠯᠲᠠ ᠲᠠᠯᠪᠢᠵᠤ ᠬᠠᠣᠯᠢ | ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠪᠠᠷᠠᠭᠤᠨ ᠯᠢᠶᠣᠣ ᠾᠧ ᠭᠤᠤᠯ ᠤᠨ ᠰᠠᠪᠠ ᠭᠠᠵᠠᠷ ᠤᠨ ︽ | ᠤᠰᠤᠨ ᠤ ᠬᠡᠮᠵᠢᠶ᠎ᠡ ᠪᠠᠷ ᠶᠠᠪᠤᠭᠳᠠᠭᠤᠯᠵᠤ︾ ᠤᠰᠤᠨ ᠤ ᠬᠡᠮᠵᠢᠶ᠎ᠡ ᠪᠠᠷ ᠬᠡᠷᠡᠭᠴᠡᠭᠡ ᠶᠢ ᠲᠤᠭᠳᠠᠭᠠᠬᠤ ᠶᠢ | ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠦᠨᠡᠯᠡᠯᠲᠡ | ᠵᠢᠴᠢ ᠲᠤᠯᠭᠠᠭᠤᠷᠢᠯᠠᠬᠤ ᠴᠢᠳᠠᠪᠤᠷᠢ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ ᠳᠠᠭᠤᠰᠬᠠᠨ᠎ᠠ᠃ ᠭᠤᠣᠯ ᠤᠨ ᠣᠷᠣᠰᠬᠠᠯ ᠤᠨ ᠵᠠᠮ ᠤᠨ ︽ᠳᠦᠷᠪᠡᠨ ᠳᠤᠷ᠎ᠠ ᠪᠠᠷ︾ ᠢ ᠴᠡᠪᠡᠷᠯᠡᠨ ᠵᠠᠰᠠᠬᠤ | ᠠᠵᠢᠯ ᠢ ᠦᠷᠭᠦᠯᠵᠢᠯᠡᠨ ᠥᠷᠨᠢᠭᠦᠯᠵᠦ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠬᠠᠷᠢᠭᠤᠴᠠᠯᠭ᠎ᠠ ᠶᠢᠨ ᠰᠢᠰᠲ᠋ᠧᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ︽ᠤᠯᠠᠭᠠᠨᠬᠠᠳᠠ | ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ | ᠤᠰᠤᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠩ ᠤᠨ ᠤᠰᠤ | ᠠᠷᠪᠢᠯᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 70 ᠲᠦᠮᠡᠨ ᠮᠥ ᠲᠠᠷᠢᠶᠠᠨ ᠭᠠᠵᠠᠷ ᠤᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠤᠳᠤ ᠪᠠᠶᠢᠭ᠎ᠠ ᠤᠰᠤᠯᠠᠯᠲᠠ ᠶᠢᠨ | ᠭᠠᠵᠠᠷ ᠪᠠ ᠲᠦᠬᠦᠭᠡᠷᠦᠮᠵᠢᠲᠦ ᠲᠠᠷᠢᠶᠠᠯᠠᠩ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠶᠢ | ᠲᠥᠷᠭᠡᠳᠭᠡᠵᠦ᠂ ᠬᠠᠭᠤᠷᠠᠶ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠡᠭᠰᠢ ᠱᠠᠲᠤᠨ | ᠲᠠᠷᠢᠶ᠎ᠠ ᠪᠠᠷ ᠭᠤᠣᠯ ᠪᠣᠯᠭᠠᠭᠰᠠᠨ ᠬᠠᠭᠤᠷᠠᠶ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠥᠷᠭᠡᠳᠭᠡᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠬᠤ ᠲᠠᠯᠠᠪᠠᠢ ᠶᠢ | ᠪᠠᠭᠠᠰᠬᠠᠨ᠎ᠠ᠃ ᠳᠠᠬᠢᠯᠲᠠ ᠤᠰᠤ ᠶᠢ ᠰᠢᠢᠳᠪᠦᠷᠢᠯᠡᠬᠦ ᠤᠷ᠎ᠠ ᠮᠡᠷᠭᠡᠰᠢᠯ ᠪᠠ ᠮᠡᠷᠭᠡᠵᠢᠯ ᠤᠨ ᠥᠭᠡᠷᠡᠴᠢᠯᠡᠯᠲᠡ ᠬᠢᠵᠦ | ᠲᠠᠰ ᠳᠡᠪᠰᠢᠭᠦᠯᠬᠦ ᠶᠢ ᠠᠬᠢᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤ ᠶᠢᠨ ᠤᠰᠤᠨ ᠤ ᠱᠠᠲᠤᠯᠢᠭ ᠦᠨ᠎ᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠂ | ᠤᠰᠤ ᠶᠢ ᠠᠷᠪᠢᠯᠠᠵᠤ ᠬᠡᠷᠡᠭᠯᠡᠬᠦ ᠶᠢᠨ ᠪᠠᠶᠢᠩᠭᠤᠵᠢᠭᠤᠯᠤᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠪᠥᠬᠦ | ᠨᠡᠶᠢᠭᠡᠮ ᠢᠶᠠᠷ ᠢᠶᠠᠨ ᠤᠰᠤ ᠠᠷᠪᠢᠯᠠᠬᠤ ᠶᠢ ᠤᠷᠢᠳᠠᠪᠠᠷ ᠬᠡᠷᠡᠭᠵᠢᠭᠦᠯᠦᠭᠰᠡᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ ᠣᠷᠣᠨ ᠪᠦᠰᠡ ᠠᠯᠤᠰᠯᠠᠨ ᠤᠰᠤ ᠬᠠᠩᠭᠠᠬᠤ ᠶᠢᠨ ᠤᠯᠠᠭᠠᠨᠬᠠᠳᠠ ᠶᠢᠨ ᠰᠠᠯᠪᠤᠷᠢ ᠱᠤᠭᠤᠮ ᠤᠨ | ᠢᠨᠵᠧᠨᠧᠷᠢᠩ ᠢ ᠵᠥᠪᠰᠢᠶᠡᠷᠡᠭᠦᠯᠦᠨ ᠠᠵᠢᠯ ᠡᠬᠢᠯᠡᠭᠦᠯᠬᠦ ᠪᠠᠷ ᠴᠢᠷᠮᠠᠶᠢᠵᠤ᠂ ᠳ᠋ᠦᠩ ᠲᠡᠶᠢᠽᠢ ᠤᠰᠤᠨ ᠴᠥᠭᠦᠷᠥᠮ ᠤᠨ | ᠵᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠳᠥᠷᠪᠡ︶ ᠠᠵᠤ | ᠦᠢᠯᠡᠰ ᠪᠠ ᠬᠤᠲᠠ ᠶᠢ ᠠᠭᠤᠰᠤᠯᠴᠠᠭᠤᠯᠬᠤ ᠳᠤ ᠬᠦᠴᠦ ᠪᠠᠨ ᠲᠥᠪᠯᠡᠷᠡᠭᠦᠯᠦᠨ᠂ ᠣᠳᠣᠬᠢᠴᠢᠯᠠᠭᠰᠠᠨ ᠣᠷᠣᠨ | ᠪᠦᠰᠡ ᠶᠢᠨ ᠴᠢᠨᠠᠷᠲᠠᠶ ᠲᠥᠪ ᠬᠤᠲᠠ ᠶᠢ ᠲᠦᠷᠭᠡᠳᠬᠡᠨ ᠪᠠᠶᠢᠭᠤᠯᠤᠨ᠎ᠠ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠬᠤ ᠬᠤᠰᠢᠭᠤᠴᠢ ᠣᠷᠣᠨ ᠤ ᠪᠠᠶᠢᠭᠤᠯᠤᠯᠲᠠ ᠶᠢ ᠲᠥᠷᠭᠡᠳᠭᠡᠨ᠎ᠡ᠃ ᠲᠥᠪ ᠬᠤᠲᠠ ᠶᠢᠨ ᠠᠵᠤ | ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠬᠤᠶᠠᠷ | ᠲᠣᠭᠤᠷᠢᠭ ᠨᠢᠭᠡ ᠬᠤᠰᠢᠭᠤ︾ ᠶᠢᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠲᠣᠭᠤᠷᠢᠭ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠪᠠᠶᠢᠷᠢ ᠲᠣᠭᠲᠠᠭᠠᠯᠲᠠ ᠲᠣᠳᠣᠷᠬᠠᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠬᠥᠭᠵᠢᠶᠡᠨᠲᠡᠶ᠂ | ᠦᠢᠯᠡᠴᠢᠯᠡᠭᠡᠨ ᠤ ᠲᠤᠯᠭᠠᠭᠤᠷᠢᠯᠠᠯ ᠬᠦᠴᠦᠲᠡᠶ᠂ ᠠᠮᠢᠳᠤᠷᠠᠯ ᠤᠨ ᠪᠡᠯᠡᠳᠬᠡᠮᠵᠢ ᠪᠦᠷᠢᠨ ᠲᠡᠭᠦᠯᠳᠡᠷ ᠠᠵᠤ ᠦᠢᠯᠡᠰ ᠤᠨ | ᠰᠢᠨ᠎ᠡ ᠬᠤᠲᠠ ᠶᠢ ᠴᠣᠭᠴᠠᠯᠠᠨ ᠪᠠᠶᠢᠭᠤᠯᠤᠨ᠎ᠠ᠃ ᠥᠪᠡᠷ ᠥᠪᠡᠷ ᠤᠨ ᠠᠵᠤ ᠦᠢᠯᠡᠰ ᠤᠨ ᠬᠥᠭᠵᠢᠯᠲᠡ ᠶᠢᠨ | ᠴᠢᠭᠯᠡᠯ ᠳᠤ ᠨᠡᠶᠢᠴᠡᠬᠦ ᠨᠢᠭᠡ ᠪᠦᠯᠦᠭ ᠭᠤᠤᠯᠳᠠᠯᠭᠠᠲᠠᠶ ᠲᠥᠷᠥᠯ ᠵᠦᠢᠯ ᠢ ᠬᠠᠮᠲᠤ ᠳᠤᠨᠢ ᠲᠥᠯᠥᠪᠯᠡᠵᠦ ᠨᠥᠭᠡᠴᠡᠯᠡᠨ᠎ᠡ | ᠃ ᠲᠣᠭᠠᠴᠢᠯᠠᠭᠰᠠᠨ ᠠᠵᠤ ᠦᠢᠯᠡᠰ᠂ ᠶᠡᠷᠦᠩᠬᠡᠢ ᠭᠠᠵᠠᠷ ᠤᠨ ᠠᠵᠤ ᠠᠬᠤᠢ᠂ ᠴᠠᠬᠢᠮ ᠮᠡᠳᠡᠭᠡ ᠵᠠᠩᠭᠢ᠂ ᠵᠣᠬᠢᠶᠠᠮᠠᠯ | ᠤᠶᠤᠨ ᠴᠢᠳᠠᠪᠤᠷᠢ ᠵᠡᠷᠭᠡ ᠭᠤᠣᠯᠳᠠᠯᠭᠠᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠨᠡᠶᠢᠭᠡᠮ ᠲᠣᠭᠤᠷᠢᠭ᠂ ᠲᠤᠰᠬᠠᠢ ᠠᠰᠠᠷ ᠲᠠᠭᠳᠤ᠂ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠴᠣᠭᠴᠠ᠂ | ᠤᠶᠤᠨᠲᠤ ᠪᠢᠴᠢᠯ ᠦᠢᠯᠡᠳᠪᠦᠷᠢ ᠵᠡᠷᠭᠡ ᠬᠠᠮ ᠬᠡᠯᠪᠡᠷᠢ ᠶᠢᠨ ᠣᠷᠣᠨ ᠵᠠᠢ ᠶᠢᠨ ᠠᠴᠢᠶᠠᠯᠠᠪᠤᠷᠢ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠪᠠ ᠬᠤᠳᠠ ᠶᠢᠨ ᠠᠭᠤᠰᠤᠯᠴᠠᠯ ᠳᠤ ᠬᠦᠴᠦᠲᠡᠢ ᠳᠡᠮᠵᠢᠯᠭᠡ | ᠬᠠᠩᠭᠠᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠭᠤᠤᠯ ᠬᠤᠲᠠ ᠲᠣᠭᠤᠷᠢᠭ ᠤᠨ ᠳᠤᠮᠳᠠ ᠲᠣᠭᠤᠷᠢᠯ ᠵᠠᠮ ᠤᠨ ᠲᠥᠷᠭᠡᠨᠵᠢᠬᠦ ᠥᠭᠡᠷᠡᠴᠢᠯᠡᠯᠲᠡ᠂ ᠶᠡᠭᠡ ᠳᠤᠯᠠᠭᠠᠨ ᠤ | ᠵᠥᠷᠢᠶ᠎ᠡ ᠪᠠᠷ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠶ ᠲᠤᠤᠷ ᠤᠨ ᠬᠤᠯᠪᠣᠯᠳᠤᠨ ᠨᠡᠪᠲᠡᠷᠡᠯᠴᠡᠬᠦ ᠵᠡᠷᠭᠡ | 127 ᠭᠤᠤᠯᠳᠠᠯᠭᠠᠲᠠᠶ ᠬᠤᠲᠠ ᠶᠢᠨ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠬᠤᠲᠠ | ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ 200 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢ | ᠥᠭᠡᠷᠡᠴᠢᠯᠡᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠶᠢ ᠲᠦᠷᠭᠡᠳᠬᠡᠨ ᠬᠡᠷᠡᠭᠵᠢᠭᠦᠯᠵᠦ᠂ ᠭᠤᠣᠯ ᠬᠤᠲᠠ | ᠲᠤᠭᠤᠷᠢᠭ ᠤᠨ ᠬᠤᠭ ᠨᠣᠪᠰᠢ ᠶᠢ ᠰᠢᠢᠳᠪᠦᠷᠢᠯᠡᠬᠦ ᠬᠤᠶᠠᠳᠤᠭᠠᠷ ᠬᠤᠭᠤᠴᠠᠭ᠎ᠠ᠂ ᠪᠠᠷᠢᠯᠭ᠎ᠠ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ᠂ ᠠᠮᠢᠳᠤᠷᠠᠯ ᠤᠨ ᠬᠤᠭ ᠨᠣᠪᠰᠢ ᠶᠢ ᠡᠬᠢ | ᠪᠠᠶᠠᠯᠢᠬᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠬᠠᠰᠢᠶ᠎ᠠ ᠶᠢ ᠨᠤᠷᠠᠭᠠᠨ | ᠢᠯᠡ ᠨᠣᠭᠤᠭᠠᠷᠠᠭᠤᠯᠬᠤ᠂ ᠵᠠᠮ ᠢ ᠴᠡᠪᠡᠷᠰᠢᠭᠦᠯᠬᠦ᠂ ᠬᠤᠲᠠ ᠶᠢᠨ ᠪᠢᠴᠢᠯ ᠥᠭᠡᠷᠡᠴᠢᠯᠡᠯᠲᠡ᠂ ᠬᠡᠷ ᠤᠨ ᠭᠠᠳᠠᠨᠠᠬᠢ ᠵᠠᠷ | ᠮᠡᠳᠡᠭᠡ ᠪᠠ ᠠᠰᠠᠷ ᠤᠨ ᠣᠷᠣᠢ ᠳᠠᠬᠢ ᠫᠠᠶᠢᠰᠠ ᠢᠯᠡᠷᠬᠡᠢᠯᠡᠯ ᠶᠢ ᠵᠠᠰᠠᠬᠤ᠂ ᠲᠡᠷᠭᠡ ᠵᠣᠭᠰᠤᠭᠠᠬᠤ ᠡᠮᠬᠢ ᠲᠢᠭᠯᠢᠮ ᠢ | ᠵᠠᠰᠠᠬᠤ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠤᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠠᠳᠠᠯ ᠠᠬᠤᠶ ᠶᠢᠨ ᠠᠵᠢᠯ ᠲᠥᠷᠥᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ | ᠥᠷᠨᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠢ ᠨᠠᠷᠢᠯᠢᠬᠵᠢᠭᠤᠯᠬᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ | ᠣᠯᠠᠨ ᠡᠰᠢᠵᠢᠭᠦᠯᠬᠦ ᠳᠠᠰᠢ ᠬᠥᠭᠵᠢᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠬᠥᠷᠥᠩᠭᠡ ᠶᠢᠨ ᠪᠣᠰᠤᠭ᠎ᠠ ᠴᠣᠭᠴᠠᠲᠤ | ᠬᠡᠯᠪᠡᠷᠢ ᠶᠢᠨ ᠲᠡᠷᠭᠡ ᠵᠣᠭᠰᠣᠭᠠᠬᠤ ᠲᠠᠯᠠᠪᠠᠶ ᠪᠠ ᠤᠶᠤᠨᠲᠤ ᠲᠡᠷᠭᠡ ᠵᠣᠭᠰᠣᠭᠠᠬᠤ ᠰᠢᠰᠲ᠋ᠧᠮ ᠢ ᠪᠠᠶᠢᠭᠤᠯᠬᠤ ᠶᠢ | ᠵᠣᠷᠢᠬᠵᠢᠭᠤᠯᠵᠤ᠂ ᠣᠯᠠᠨ ᠠᠷᠭ᠎ᠠ ᠵᠠᠮ ᠢᠶᠠᠷ ᠲᠡᠷᠭᠡ ᠵᠣᠭᠰᠣᠭᠠᠬᠤ ᠪᠠᠶᠢᠷᠢ ᠶᠢ ᠨᠡᠮᠡᠭᠳᠡᠭᠦᠯᠦᠨ᠎ᠡ᠃ ︵ᠲᠠᠪᠤ︶ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ ᠲᠣᠭᠤᠷᠢᠨ | ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠪᠠᠷᠢᠮᠵᠢᠶ᠎ᠠ ᠲᠠᠢ ᠬᠠᠷᠭᠤᠭᠤᠯᠵᠤ᠂ | ᠮᠥᠷᠳᠡᠨ ᠱᠠᠭᠠᠷᠳᠠᠵᠤ ᠰᠢᠢᠳᠪᠦᠷᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠠᠭ ᠲᠤᠬᠠᠶ ᠳᠤᠨᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ | ᠪᠠᠲᠤᠯᠠᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠤᠯᠭᠠᠬᠤ ᠶᠢ ᠪᠠᠷᠢᠮᠲᠠᠯᠠᠵᠤ᠂ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠤᠨ | ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠪᠠᠶᠢᠩᠭᠤ ᠶᠢᠨ ᠴᠢᠨᠠᠷᠲᠠᠶ ᠪᠠᠶᠢᠴᠠᠭᠠᠨ ᠦᠵᠡᠬᠦ᠂ ᠴᠡᠭᠴᠡᠯᠡᠨ | ᠰᠠᠶᠢᠵᠢᠷᠠᠭᠤᠯᠬᠤ ᠤᠷᠲᠤᠮᠵᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠯᠲᠡ ᠠᠷᠠᠯᠵᠢᠶᠠᠨ ᠤ | ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠨ ᠳᠡᠭᠡᠭᠰᠢᠯᠡᠬᠦ ᠶᠢ ᠳᠥᠯᠭᠢᠨ ᠠᠬᠢᠭᠤᠯᠤᠨ᠎ᠠ᠃ ᠵᠬᠠ ᠳᠡᠯᠭᠡᠭᠦᠷ ᠤᠨ | ᠭᠤᠤᠯ ᠴᠣᠭᠴᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠠ᠃ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ 33 ᠵᠤᠷᠪᠤᠰ ᠰᠢᠨ᠎ᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ︽ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠣᠨ︾ ᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠲᠤᠰᠬᠠᠯ ᠶᠡᠬᠡᠲᠡᠶ ᠡᠪᠡᠷᠰᠢᠶᠡᠯ ᠲᠠᠢ ᠲᠦᠭᠵᠢᠷᠡᠯ ᠲᠠᠢ ᠲᠦᠪᠡᠭᠲᠡᠶ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠵᠦ᠂ ᠡᠯ᠎ᠡ ᠱᠠᠲᠤᠨ ᠤ ᠨᠡᠶᠢᠲᠡᠯᠡᠭᠰᠡᠨ | ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ | ᠴᠢᠩᠭᠠᠳᠬᠠᠵᠤ᠂ ᠮᠥᠩᠭᠦᠨ ᠭᠦᠢᠯᠭᠡᠭᠡᠨ ᠢᠶᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ᠂ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ᠂ ᠮᠥᠩᠭᠦᠨ ᠭᠦᠢᠯᠭᠡᠭᠡᠨ ᠤ | ᠣᠷᠴᠢᠨ ᠲᠣᠭᠤᠷᠢᠨ ᠢ ᠰᠢᠯᠢᠳᠡᠭᠵᠢᠭᠦᠯᠦᠨ ᠵᠠᠰᠠᠬᠤ ᠵᠡᠷᠭᠡ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ | ᠦᠵᠡᠭᠳᠡᠯ ᠢ ᠵᠠᠰᠠᠬᠤ ᠭᠤᠷᠪᠠᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠵᠦ᠂ ᠮᠥᠩᠭᠦᠨ ᠭᠦᠢᠯᠭᠡᠭᠡᠨ ᠤ | ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠬᠡᠨ | ᠠᠭᠤᠰᠤᠯᠴᠠᠭᠤᠯᠬᠤ ᠶᠢ ᠴᠢᠩᠭᠠᠳᠬᠠᠵᠤ᠂ ᠲᠣᠮᠣ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠡᠷᠡᠭᠯᠡᠭᠡᠨ ᠤ | ᠲᠠᠪᠴᠠᠩ ᠢ ᠪᠠᠶᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ︽ᠲᠤᠭ᠎ᠠ ᠪᠠᠷᠢᠮᠲᠠ ᠶᠢ | ᠢᠯᠡᠭᠦᠬᠡᠨ ᠬᠡᠷᠡᠭᠯᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨᠬᠦ ᠪᠡᠶᠡᠯᠡᠭᠦᠯᠦᠨ᠎ᠡ᠃ ᠲᠦᠷᠦᠯ | ᠵᠦᠢᠯ ᠢᠶᠠᠷ ᠮᠠᠩᠯᠠᠶᠢᠯᠠᠭᠤᠯᠬᠤ ᠦᠢᠯᠠᠭᠠᠭᠳᠠᠬᠤᠨ ᠢ ᠪᠤᠢ ᠪᠣᠯᠭᠠᠵᠤ᠂ ᠲᠥᠷᠥᠯ ᠵᠦᠢᠯ ᠤᠨ ᠬᠠᠮᠢᠶᠠᠷᠤᠭᠴᠢ ᠶᠢᠨ | ᠲᠦᠷᠢᠮ ᠢ ᠬᠡᠷᠡᠭᠵᠢᠭᠦᠯᠵᠦ᠂ ᠱᠠᠲᠤ ᠬᠤᠪᠢᠶᠠᠨ ᠨᠢᠭᠡ ᠨᠢᠭᠡ ᠪᠠᠷ ᠬᠠᠮᠢᠶᠠᠷᠤᠭᠴᠢ ᠶᠢᠨ ᠦᠢᠯᠡᠴᠢᠯᠡᠭᠡ ᠬᠠᠩᠭᠠᠵᠤ᠂ | ᠲᠣᠭᠠᠴᠢᠯᠠᠭᠰᠠᠨ ᠠᠷᠭ᠎ᠠ ᠪᠠᠷᠢᠯ ᠢ ᠵᠡᠷᠭᠡᠪᠡᠷ ᠬᠡᠷᠡᠭᠯᠡᠨ ᠲᠥᠷᠥᠯ ᠵᠦᠢᠯ ᠤᠨ ᠬᠠᠮᠢᠶᠠᠷᠤᠭᠴᠢ ᠶᠢᠨ APP ᠲᠠᠪᠴᠠᠩ ᠢ | ᠨᠡᠭᠡᠭᠡᠨ᠂ ᠴᠠᠭ ᠲᠤᠬᠠᠶ ᠳᠤᠨᠢ ᠬᠢᠨᠠᠨ ᠡᠵᠡᠮᠳᠡᠵᠦ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ 12345 ᠬᠠᠯᠠᠮᠰᠢᠯ ᠤᠲᠠᠰᠤ ᠶᠢ | ᠨᠡᠪᠲᠡᠷᠡᠭᠦᠯᠵᠦ᠂ ᠵᠠᠰᠠᠭ ᠵᠠᠬᠢᠷᠭ᠎ᠠ ᠠᠵᠤ ᠠᠬᠤᠶᠢᠯᠠᠯ ᠤᠨ ᠨᠡᠪᠲᠡᠷᠡᠯᠴᠡᠨ ᠬᠠᠷᠢᠯᠴᠠᠬᠤ ᠪᠠᠶᠢᠩᠭᠤ ᠶᠢᠨ ᠲᠣᠭᠲᠠᠴᠠ ᠶᠢ | ᠪᠠᠶᠢᠭᠤᠯᠵᠤ᠂ ᠪᠦᠬᠦ ᠬᠤᠳᠠ ᠶᠢᠨ ᠬᠡᠪᠴᠢᠶᠡᠨ ᠳᠤ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠶᠡᠭᠡ | ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠬᠤᠲᠠ ᠶᠢᠨ ᠲᠣᠰ ᠱᠠᠲᠤᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠪᠠ ᠬᠤᠰᠢᠭᠤ ᠰᠢᠶᠠᠨ ᠲᠣᠭᠤᠷᠢᠭ ᠤᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ | ᠦᠨᠡᠯᠡᠯᠲᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ ︵ᠵᠢᠷᠭᠤᠭ᠎ᠠ︶ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ | ᠮᠠᠯᠵᠢᠬᠤ ᠣᠷᠣᠨ ᠮᠠᠯᠴᠢᠨ ᠲᠠᠷᠢᠶᠠᠴᠢᠨ ᠤ ᠠᠵᠢᠯ ᠢ ᠪᠠᠲᠤᠲᠠᠢ ᠰᠠᠶᠢᠨ ᠬᠢᠨ᠎ᠡ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠨ᠎ᠡ᠃ ᠣᠲᠣ ᠶᠢᠨ ᠪᠠᠶᠢᠭ᠎ᠠ | ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ | ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ | ᠲᠣᠭᠲᠠᠴᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠲᠤᠯᠠᠨ᠎ᠠ᠃ ᠣᠷᠣᠯᠭ᠎ᠠ ᠵᠠᠷᠤᠯᠭ᠎ᠠ ᠶᠢᠨ ᠬᠢᠷᠢ ᠲᠦᠪᠰᠢᠨ ᠤ | ᠬᠤᠪᠢᠷᠠᠯᠲᠠ᠂ ᠠᠵᠢᠯ ᠣᠯᠭᠤᠯᠲᠠ ᠶᠢᠨ ᠪᠠᠶᠢᠳᠠᠯ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ | ᠠᠶᠤᠯᠭᠦᠢ ᠢᠳᠡᠬᠦ ᠣᠰᠣ ᠶᠢ ᠪᠠᠬᠢᠵᠢᠭᠦᠯᠦᠭᠰᠡᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠦᠷᠭᠦᠯᠵᠢᠯᠡᠨ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠤ ᠳᠠᠬᠢᠨ ᠶᠠᠳᠠᠭᠤᠷᠠᠬᠤ ᠥᠬᠡᠶ᠂ ᠵᠠᠬ᠎ᠠ ᠬᠢᠵᠠᠭᠠᠷ ᠤᠨ ᠬᠥᠮᠦᠨ ᠠᠮᠠ ᠶᠢᠨ ᠶᠠᠳᠠᠭᠤᠷᠠᠬᠤ ᠥᠬᠡᠶ ᠪᠠᠶᠢᠬᠤ ᠶᠢ | ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ | ᠮᠠᠯᠵᠢᠯ ᠳᠤ ᠬᠤᠯᠪᠤᠭᠳᠠᠬᠤ ᠪᠡᠯᠡ ᠮᠥᠩᠭᠦ ᠶᠢᠨ ᠨᠡᠶᠢᠳᠭᠡᠯᠲᠡ ᠤᠷᠤᠭᠤᠯᠤᠯᠲᠠ ᠶᠢ ᠥᠷᠭᠦᠯᠵᠢᠯᠡᠨ ᠶᠡᠭᠡᠳᠭᠡᠵᠦ᠂ | ᠬᠥᠳᠡᠭᠡ ᠲᠤᠰᠬᠤᠨ ᠮᠠᠯᠵᠢᠬᠤ ᠣᠷᠣᠨ ᠤ ᠤᠨᠴᠠᠯᠢᠭᠲᠣ ᠠᠵᠤ ᠦᠢᠯᠡᠰ ᠤᠨ ᠬᠡᠪᠴᠢᠶ᠎ᠡ ᠪᠠᠨ ᠥᠷᠭᠡᠳᠭᠡᠵᠦ ᠦᠷ᠎ᠡ | ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠬᠤᠰᠢᠭᠤ ᠰᠢᠶᠠᠨ ᠲᠣᠭᠤᠷᠢᠭ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭᠠᠲᠠᠶ ᠬᠠᠪᠰᠤᠷᠤᠨ ᠲᠡᠳᠬᠦᠬᠦ ᠰᠢᠶᠠᠨ ᠤ ᠡᠩᠨᠡᠭᠡ ᠳᠤ | ᠣᠷᠣᠭᠤᠯᠬᠤ ᠪᠠᠷ ᠬᠦᠴᠦᠯᠡᠨ ᠴᠢᠷᠮᠠᠶᠢᠨ᠎ᠠ᠃ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ | ᠬᠢᠵᠦ᠂ ᠬᠥᠳᠡᠭᠡ ᠲᠤᠰᠬᠤᠨ ᠤ ᠪᠠᠶᠢᠭᠤᠯᠤᠯᠲᠠ ᠶᠢ ᠲᠦᠷᠦᠯ ᠬᠤᠪᠢᠶᠠᠨ ᠬᠡᠷᠡᠭᠵᠢᠭᠦᠯᠵᠦ᠂ ᠰᠢᠶᠠᠨ ᠤ ᠬᠤᠲᠠ᠂ | ᠰᠢᠶᠠᠩ ᠪᠠᠯᠭᠠᠰᠤ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠭᠠᠴᠠᠭ᠎ᠠ ᠲᠣᠰᠬᠤᠨ ᠳᠠᠰᠢ ᠤᠷᠲᠤᠳᠬᠠᠬᠤ ᠶᠢ | ᠠᠬᠢᠭᠤᠯᠤᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ︽ᠵᠣᠷᠯᠣᠩ ᠤᠨ ᠥᠭᠡᠷᠡᠴᠢᠯᠡᠯᠲᠡ︾᠂ ᠬᠤᠭ ᠨᠣᠪᠰᠢ ᠪᠣᠬᠢᠷ ᠤᠰᠤ ᠶᠢ | ᠰᠢᠢᠳᠪᠦᠷᠢᠯᠡᠬᠦ ᠵᠡᠷᠭᠡ ᠠᠵᠢᠯ ᠢ ᠠᠬᠢᠭᠤᠯᠤᠨ᠎ᠠ᠃ ︽ᠬᠥᠳᠡᠭᠡ ᠲᠣᠰᠬᠤᠨ ᠤ ᠵᠠᠮ ᠤᠨ ᠳᠥᠷᠪᠡᠨ ᠰᠠᠶᠢᠲᠤᠷ︾ ᠤᠨ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠵᠠᠮ ᠬᠠᠷᠢᠯᠴᠠᠭᠠᠨ ᠤ ᠲᠥᠷᠥᠯ ᠵᠦᠢᠯ ᠢ ᠲᠤᠰᠬᠤᠨ | ᠡᠷᠦᠬᠡ ᠳᠤ ᠨᠡᠪᠲᠡᠷᠡᠭᠦᠯᠬᠦ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠵᠤ | ᠭᠤᠶᠤᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠵᠢᠯ ᠤᠨ ᠳᠣᠲᠣᠷ᠎ᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ | 150 ᠪᠠᠶᠢᠭᠤᠯᠤᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ | ᠠᠵᠢᠯ ᠢ ᠠᠬᠢᠭᠤᠯᠤᠨ᠎ᠠ᠃ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ | ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠵᠤ᠂ ᠮᠠᠯᠴᠢᠨ ᠲᠠᠷᠢᠶᠠᠴᠢᠨ ᠤ ᠪᠡᠶᠡᠴᠢ ᠴᠢᠳᠠᠮᠠᠭᠠᠶ ᠴᠢᠨᠠᠷ ᠢ | ᠭᠦᠢᠴᠡᠳ ᠪᠠᠳᠠᠷᠠᠭᠤᠯᠤᠨ᠎ᠠ᠃ ᠠᠷᠤ ᠬᠤᠷᠴᠢᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠯᠠᠪᠳᠠᠭᠤᠨ ᠪᠠᠲᠤᠲᠠᠶ ᠠᠬᠢᠭᠤᠯᠵᠤ᠂ | ᠪᠤᠰᠤᠳ ᠭᠠᠵᠠᠷ ᠣᠷᠣᠨ ᠳᠤ ᠲᠣᠰ ᠲᠣᠰ 1 ᠳᠠᠪᠠᠭᠤᠯᠢᠭ ᠠᠵᠤ ᠦᠢᠯᠡᠰ᠂ 2 ᠰᠤᠮᠤ ᠰᠢᠶᠠᠩ ᠪᠠᠯᠭᠠᠰᠤ᠂ 3 | ᠭᠠᠴᠠᠭ᠎ᠠ ᠲᠣᠰᠬᠤᠨ ᠢ ᠰᠣᠩᠭᠤᠵᠤ᠂ ᠤᠷᠢᠳᠠᠪᠠᠷ ᠲᠤᠷᠰᠢᠯᠲᠠ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠢᠭᠡ | ᠴᠤᠭᠴᠠᠵᠢᠭᠤᠯᠤᠨ ᠠᠬᠢᠭᠤᠯᠵᠤ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠶᠢ ᠴᠢᠷᠮᠠᠶᠢᠨ | ᠪᠣᠶ ᠪᠣᠯᠭᠠᠵᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ | ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠠᠬᠢᠭᠤᠯᠤᠨ᠎ᠠ᠃ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠭ᠎ᠠ ᠶᠢᠨ ᠰᠠᠯᠠᠭ᠎ᠠ | |