︵ᠲᠤᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠦᠴᠦᠨ ᠢᠶᠠᠨ ᠲᠥᠪᠯᠡᠷᠡᠭᠦᠯᠦᠨ᠂ ᠠᠷᠠᠳ ᠤᠨ | ᠠᠮᠢᠳᠤᠷᠠᠯ ᠤᠨ ᠲᠦᠪᠰᠢᠨ ᠢ ᠦᠷᠭᠦᠯᠵᠢᠯᠡᠨ ᠲᠡᠭᠡᠭᠰᠢᠯᠡᠭᠦᠯᠦᠨ᠎ᠡ ᠠᠵᠢᠯ ᠣᠯᠭᠤᠯᠲᠠ ᠶᠢ ᠬᠦᠴᠦᠯᠡᠨ | ᠲᠤᠭᠲᠠᠪᠤᠷᠢᠵᠢᠭᠤᠯᠬᠤ ᠪᠠ ᠦᠷᠭᠡᠳᠭᠡᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭᠠᠲᠠᠶ | ᠬᠥᠮᠦᠰ ᠲᠤ ᠠᠵᠢᠯ ᠣᠯᠭᠤᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠵᠢᠯ ᠤᠨ ᠳᠣᠲᠣᠷ᠎ᠠ ᠬᠤᠲᠠ | ᠪᠠᠯᠭᠠᠰᠤ ᠶᠢᠨ 2.1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ︽ᠠᠵᠢᠯ ᠲᠠᠢ | ᠬᠥᠮᠦᠨ ᠦᠭᠡᠢ︾ ᠬᠡᠷ ᠪᠦᠯᠢ ᠦᠭᠡᠢ ᠪᠠᠶᠢᠬᠤ ᠶᠢ ᠥᠷᠭᠦᠯᠵᠢ ᠪᠠᠲᠤᠯᠠᠵᠤ᠂ 67 ᠲᠦᠮᠡᠨ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ | ᠠᠵᠢᠯᠯᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠡᠯ᠎ᠡ | ᠵᠦᠢᠯ ᠤᠨ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠢᠯ | ᠠᠯᠳᠠᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ ᠤᠯᠬᠤ ᠳᠤ ᠬᠦᠴᠢᠷᠲᠡᠶ | ᠬᠥᠮᠦᠰ ᠢ ᠦᠨᠳᠦᠰᠦᠨ ᠵᠦᠢᠯ ᠢᠶᠠᠷ ᠨᠢ ᠲᠥᠪᠬᠢᠨᠡᠭᠦᠯᠦᠨ ᠠᠵᠢᠯ ᠤᠯᠭᠤᠨ᠎ᠠ᠃ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠶᠢ ᠲᠡᠮᠵᠢᠨ᠎ᠡ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ | ᠬᠥᠭᠵᠢᠭᠦᠯᠦᠨ᠎ᠡ᠃ ᠣᠨᠴᠠᠯᠢᠭᠲᠤ ᠰᠣᠶᠣᠯ ᠤᠨ ᠨᠠᠷᠠᠲᠤ ᠲᠡᠮᠳᠡᠭᠲᠦ ᠶᠢ ᠡᠭᠦᠳᠦᠨ ᠪᠦᠲᠦᠭᠡᠬᠦ ᠢᠨᠵᠧᠨᠧᠷᠢᠩ ᠢ | ᠡᠬᠢᠯᠡᠭᠦᠯᠵᠦ᠂ ᠬᠤᠲᠠ ᠶᠢᠨ ᠨᠣᠮ ᠤᠨ ᠰᠠᠩ᠂ ᠬᠤᠪᠢᠰᠬᠠᠯ ᠤᠨ ᠲᠡᠤᠬᠡ ᠶᠢᠨ ᠮᠦᠽᠧᠶ ᠶᠢᠨ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠪᠠᠭᠠᠷᠢᠨ ᠪᠠᠷᠠᠭᠤᠨ ᠬᠤᠰᠢᠭᠤᠨ ᠤ ᠭᠡᠰᠡᠷ ᠤᠨ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠳᠡᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ | ᠣᠷᠣᠨ ᠪᠠ ᠠᠷᠤ ᠬᠤᠷᠴᠢᠨ ᠬᠤᠰᠢᠭᠤᠨ ᠤ ᠮᠣᠩᠭᠤᠯ ᠦᠨᠳᠦᠰᠦᠲᠡᠨ ᠤ ᠨᠡᠭᠦᠳᠡᠯ ᠮᠠᠯᠵᠢᠯ ᠤᠨ ᠰᠣᠶᠣᠯ ᠤᠨ ᠠᠮᠢ | ᠠᠬᠤᠶ ᠶᠢᠨ ᠬᠠᠮᠠᠭᠠᠯᠠᠯᠲᠠ ᠶᠢᠨ ᠣᠷᠣᠨ ᠢ ᠲᠤᠰ ᠲᠤᠰ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠳᠤ ᠮᠡᠳᠡᠭᠦᠯᠬᠦ ᠢᠶᠠᠷ ᠠᠬᠢᠭᠤᠯᠵᠤ᠂ ︽ | ᠳᠤᠮᠳᠠᠳᠤ ᠤᠯᠤᠰ ᠤᠨ ᠲᠠᠮᠠᠭᠠᠲᠤ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠰᠡᠯᠪᠢᠨ ᠵᠠᠰᠠᠬᠤ | ᠳᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠷᠤᠭ᠎ᠠ ᠶᠢᠨ ᠳᠦᠷᠢᠮ ᠢ | ᠲᠤᠷᠰᠢᠨ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ ᠰᠣᠶᠣᠯ ᠢ ᠬᠥᠳᠡᠭᠡ ᠪᠠᠭᠤᠯᠭᠠᠬᠤ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠵᠡᠷᠭᠡ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠪᠠᠷ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ᠪᠦᠬᠦ ᠠᠷᠠᠳ ᠢᠶᠠᠷ ᠢᠶᠠᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ᠰᠤᠷᠭᠠᠨ ᠬᠥᠮᠦᠵᠢᠯ ᠤᠨ | ᠭᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠪᠠᠶᠢᠭᠤᠯᠵᠤ ᠪᠠᠶᠢᠭ᠎ᠠ 5 | ᠰᠤᠷᠭᠠᠭᠤᠯᠢ ᠶᠢᠨ ᠵᠢᠯ ᠤᠨ ᠳᠣᠲᠣᠷ᠎ᠠ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ︽ | ᠲᠠᠪᠤᠨ ᠬᠥᠮᠦᠵᠢᠯ︾ ᠢ ᠵᠡᠷᠭᠡᠪᠡᠷ ᠬᠥᠭᠵᠢᠭᠦᠯᠬᠦ᠂ ᠬᠡᠷ ᠪᠦᠯᠢ ᠪᠠ ᠰᠤᠷᠭᠠᠭᠤᠯᠢ ᠬᠠᠮᠲᠤᠷᠠᠨ ᠬᠥᠮᠦᠵᠢᠭᠦᠯᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠨᠠᠷᠢᠯᠢᠭ ᠣᠨᠣᠴᠠᠲᠠᠶ ᠵᠢᠭᠠᠨ ᠰᠤᠷᠭᠠᠯᠲᠠ ᠶᠢᠨ | ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠨ᠎ᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ᠳᠤᠮᠳᠠᠳᠤ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠠᠷᠤ | ᠬᠤᠷᠴᠢᠨ ᠬᠤᠰᠢᠭᠤᠨ ᠤ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠲᠦᠭᠡᠮᠡᠯ ᠬᠠᠷᠠᠭᠠᠯᠵᠠᠯ ᠤᠨ ᠦᠨᠡᠯᠡᠨ ᠲᠤᠭᠲᠠᠭᠠᠯᠲᠠ ᠶᠢ ᠥᠩᠭᠡᠷᠡᠭᠡᠬᠦ ᠶᠢ ᠪᠠᠲᠤᠯᠠᠵᠤ᠂ ᠯᠢᠨᠰᠢ᠂ ᠠᠷᠤ ᠬᠤᠷᠴᠢᠨ | ᠬᠤᠰᠢᠭᠤ᠂ ᠶᠤᠸᠠᠨ ᠪᠦᠦ ᠱᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠬᠥᠭᠵᠢᠭᠦᠯᠬᠦ ᠢᠨᠵᠧᠨᠧᠷᠢᠩ ᠢ ᠡᠬᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ | ᠲᠠᠪᠤ ᠶᠢ ᠨᠢᠭᠡᠳᠦᠯᠲᠡᠶ ᠲᠥᠯᠥᠪᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠰᠢᠯᠢᠳᠡᠭ ᠢ ᠬᠥᠮᠦᠵᠢᠭᠦᠯᠬᠦ ᠠᠵᠢᠯᠯᠠᠭᠠᠨ ᠤ | ᠲᠥᠯᠥᠪᠯᠡᠭᠡ ︵2020 — 2023 ᠣᠨ︶ ᠶᠢ ᠡᠬᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ | ᠬᠡᠷᠡᠭ ᠡᠷᠬᠢᠯᠡᠭᠴᠢᠳ ᠤᠨ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ | ᠤᠯᠠᠭᠠᠨᠬᠠᠳᠠ ᠶᠡᠭᠡ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠤᠯᠠᠭᠠᠨᠬᠠᠳᠠ ᠶᠢᠨ ᠬᠡᠷᠡᠭᠯᠡᠭᠡᠨ ᠤ | ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ | ᠵᠢᠯ ᠤᠨ ᠳᠣᠲᠣᠷ᠎ᠠ ᠪᠠᠷᠢᠯᠭ᠎ᠠ ᠳᠠᠭᠤᠰᠬᠤ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠤᠯᠠᠭᠠᠨᠬᠠᠳᠠ︾ ᠶᠢᠨ | ᠠᠵᠢᠯᠯᠠᠭ᠎ᠠ ᠶᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢ ᠪᠦᠷᠢᠨᠰᠢᠬᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠲᠠ ᠶᠢᠨ ᠬᠤᠪᠢᠶᠠᠷᠢ | ᠬᠤᠷᠢᠶ᠎ᠠ᠂ ᠬᠤᠲᠠ ᠶᠢᠨ ᠬᠡᠤᠬᠡᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠵᠡᠷᠭᠡ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠶᠤᠸᠠᠨ ᠪᠦᠦ ᠱᠠᠨ ᠲᠣᠭᠤᠷᠢᠭ᠂ ᠠᠤᠬᠠᠨ ᠬᠤᠰᠢᠭᠤᠨ ᠤ | ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠪᠥᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ᠂ ᠬᠢᠲᠠᠳ ᠮᠣᠩᠭᠤᠯ | ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠡᠷᠴᠢᠮᠲᠠᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠲᠠᠬᠢᠨ ᠬᠢᠨᠠᠬᠤ ᠠᠵᠢᠯ ᠢ ᠰᠠᠶᠢᠲᠤᠷ ᠬᠢᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠳᠠᠭᠠᠳᠬᠠᠯ ᠮᠡᠬᠡᠯᠡᠨ ᠬᠢᠬᠠᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠵᠤ᠂ ᠳᠠᠭᠠᠳᠬᠠᠯ ᠳᠤ ᠤᠷᠤᠯᠴᠠᠭᠰᠠᠳ ᠤᠨ ᠡᠷᠡᠭᠦᠯ ᠮᠡᠨᠳᠦ ᠶᠢᠨ ᠬᠥᠮᠦᠵᠢᠯ ᠳᠤ ᠣᠷᠣᠯᠴᠠᠬᠤ ᠶᠢ | ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠯᠤᠭ᠎ᠠ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ | ᠰᠣᠳᠣᠯᠣᠨ ᠲᠤᠭᠳᠠᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ | ᠪᠠᠳᠠᠷᠠᠭᠤᠯᠵᠤ᠂ ᠭᠤᠤᠯ ᠬᠤᠲᠠ ᠲᠣᠭᠤᠷᠢᠭ ᠤᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠨᠠᠰᠤᠵᠢᠯ ᠤᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠨᠡᠶᠢᠭᠡᠮ ᠲᠣᠭᠤᠷᠢᠭ ᠤᠨ ᠣᠯᠠᠨ | ᠨᠡᠶᠢᠲᠡ ᠶᠢᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠠᠷᠠᠯᠵᠢᠶᠠᠵᠢᠭᠤᠯᠬᠤ ᠦᠵᠡᠭᠳᠡᠯ ᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠰᠠᠨᠠᠭ᠎ᠠ ᠠᠮᠤᠷ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ ᠬᠡᠷ ᠲᠡᠭᠡᠨ ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠰᠢᠭᠢᠳᠬᠡᠯᠳᠦ | ᠮᠠᠶ᠋ᠢᠭ ᠤᠨ ᠨᠠᠰᠤᠲᠠᠶᠢᠴᠤᠳ ᠢ ᠠᠰᠠᠷᠠᠬᠤ ᠪᠠ ᠬᠥᠳᠡᠭᠡ ᠲᠤᠰᠬᠤᠨ ᠮᠠᠯᠵᠢᠬᠤ ᠣᠷᠣᠨ ᠤ ᠬᠠᠷᠢᠯᠴᠠᠨ | ᠬᠠᠪᠰᠤᠷᠤᠯᠴᠠᠵᠤ ᠨᠠᠰᠤᠲᠠᠶᠢᠴᠤᠳ ᠢ ᠠᠰᠠᠷᠠᠬᠤ ᠶᠢ ᠠᠬᠢᠭᠤᠯᠤᠨ᠎ᠠ᠃ ᠬᠤᠲᠠ ᠶᠢᠨ ᠮᠡᠳᠡᠷᠡᠯ ᠤᠨ ᠡᠪᠡᠳᠴᠢᠲᠡᠨ ᠤ | ᠠᠰᠠᠷᠠᠮᠵᠢ ᠶᠢᠨ ᠬᠦᠷᠢᠶᠡᠯᠡᠩ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠨᠡᠢᠭᠡᠮ ᠤᠨ ᠠᠪᠤᠷᠠᠨ ᠲᠡᠳᠭᠦᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ᠂ | ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠵᠡᠮᠳᠡᠭᠴᠦᠳ᠂ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠦᠰ ᠵᠡᠷᠭᠡ ᠪᠠᠭᠤᠷᠠᠶᠢᠴᠤᠳ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠥᠬᠦ | ᠬᠦᠴᠦᠨ ᠢᠶᠠᠷ ᠢᠶᠠᠨ ᠪᠠᠲᠤᠯᠠᠨ᠎ᠠ᠃ ︵ᠨᠠᠢᠮᠠ︶ ᠨᠡᠶᠢᠭᠡᠮ ᠤᠨ ᠵᠠᠰᠠᠯᠲᠠ ᠳᠤ ᠬᠦᠴᠦ ᠪᠠᠨ ᠲᠥᠪᠯᠡᠷᠡᠭᠦᠯᠦᠨ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠨ ᠪᠠᠲᠤᠯᠠᠨ᠎ᠠ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠥᠷᠭᠦᠯᠵᠢ ᠰᠠᠶᠢᠲᠤᠷ ᠠᠳᠬᠤᠨ᠎ᠠ᠃ ᠮᠢᠨᠴᠦᠭᠦᠷᠡᠬᠦ ᠦᠵᠡᠯ ᠢ ᠡᠷᠡ᠊ ᠰ ᠲᠡᠪᠴᠢᠵᠦ᠂ | ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ︽ᠳᠥᠷᠪᠡᠨ ᠡᠷᠲᠡ︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠪᠣᠳᠠᠰ ᠢ ᠵᠡᠷᠭᠡᠪᠡᠷ ᠰᠡᠷᠭᠡᠶᠢᠯᠡᠬᠦ᠂ ᠣᠷᠴᠢᠨ ᠲᠣᠭᠤᠷᠢᠨ ᠢ | ᠵᠡᠷᠭᠡᠪᠡᠷ ᠪᠠᠶᠢᠴᠠᠭᠠᠬᠤ ᠶᠢ ᠪᠠᠷᠢᠮᠲᠠᠯᠠᠨ᠂ ᠭᠤᠤᠯᠳᠠᠯᠭᠠᠳᠠᠢ ᠬᠥᠮᠦᠰ᠂ ᠭᠤᠤᠯᠳᠠᠯᠭᠠᠳᠠᠢ ᠲᠠᠯᠠᠪᠤᠷ ᠭᠠᠵᠠᠷ᠂ | ᠭᠤᠤᠯᠳᠠᠯᠭᠠᠳᠠᠢ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃ | ᠨᠡᠭᠦᠯᠲᠡ ᠰᠤᠷᠪᠤᠯᠵᠢ ᠶᠢ ᠬᠠᠶᠢᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠪᠣᠯᠪᠠᠰᠤᠷᠠᠯ ᠰᠤᠷᠢᠯᠲᠠ ᠬᠢᠬᠦ ᠪᠠ | ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ | ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶᠠᠷᠤᠯᠲᠠ | ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ | ᠰᠠᠶᠢᠲᠤᠷ ᠬᠢᠵᠦ᠂ ︽ᠬᠠᠮᠤᠭ ᠡᠷᠲᠡ ᠢᠯᠡᠷᠡᠭᠦᠯᠵᠦ᠂ ᠬᠠᠮᠤᠭ ᠪᠠᠭ᠎ᠠ ᠲᠠᠷᠬᠠᠭᠠᠬᠤ︾ ᠰᠡᠷᠭᠡᠶᠢᠯᠡᠨ ᠡᠵᠡᠮᠳᠡᠬᠦ | ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠬᠢᠯᠪᠠᠷ ᠪᠤᠰᠤ ᠪᠠᠷ ᠣᠯᠤᠭᠰᠠᠨ ᠠᠵᠢᠯ ᠤᠨ ᠦᠷ᠎ᠡ ᠪᠦᠲᠦᠭᠡᠯ ᠢ ᠰᠠᠶᠢᠲᠤᠷ | ᠪᠠᠲᠤᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ︽ᠲᠠᠪᠤ ᠶᠢ ᠮᠡᠳᠡᠷᠡᠨ ᠵᠥᠪᠰᠢᠶᠡᠷᠡᠬᠦ︾ ᠶᠢ ᠦᠨᠡᠨᠬᠦ ᠴᠢᠩᠭᠠᠳᠬᠠᠨ᠎ᠠ᠃ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ ᠰᠤᠷᠤᠯᠴᠠᠨ | ᠤᠬᠠᠭᠤᠯᠵᠤ ᠲᠤᠤᠱᠯᠠᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠥᠷᠨᠢᠭᠦᠯᠦᠨ᠎ᠡ᠃ ᠤᠯᠠᠭᠠᠨᠬᠠᠳᠠ ᠶᠢᠨ ᠲᠡᠤᠬᠡ | ᠰᠣᠶᠣᠯ ᠤᠨ ᠮᠠᠲ᠋ᠧᠷᠢᠶᠠᠯ ᠢ ᠴᠤᠭᠯᠠᠭᠤᠯᠬᠤ ᠡᠮᠬᠢᠳᠬᠡᠬᠦ ᠪᠠ ᠠᠳᠠᠯᠢ ᠪᠤᠰᠤ ᠴᠠᠭ ᠦᠶ᠎ᠡ ᠶᠢᠨ ᠤᠯᠠᠭᠠᠨᠬᠠᠳᠠ ᠶᠢᠨ | ᠬᠢᠯᠢ ᠳᠣᠲᠣᠷᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠲᠡᠤᠬᠡ ᠶᠢ | ᠠᠭᠤᠳᠠᠯᠬᠤ ᠶᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠡᠯ᠎ᠡ ᠲᠦᠷᠦᠯ ᠤᠨ ᠬᠠᠭᠠᠴᠠᠭᠤᠯᠤᠨ ᠡᠪᠳᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠦᠨᠡᠨᠬᠦ ᠪᠠᠲᠤᠯᠠᠨ᠎ᠠ᠃ ᠠᠶᠤᠯᠭᠦᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠬᠤᠶᠠᠷ ᠦᠨᠳᠦᠰᠦᠨ︾ ᠤ ᠪᠠᠶᠢᠭᠤᠯᠤᠯᠲᠠ ᠶᠢᠨ ᠣᠨ ᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠨᠠᠭᠰᠢᠳᠠ ᠴᠢᠩᠭᠠᠳᠬᠠᠵᠤ᠂ ︽ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ︾ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠣᠶᠤᠨᠴᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠥᠬᠦ ᠬᠤᠲᠠ ᠶᠢᠨ | ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠶᠡᠷᠦᠩᠬᠡᠶ | ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠣᠶᠢᠯᠠᠭᠠᠭᠳᠠᠬᠤᠨ ᠢ | ᠪᠠᠲᠤ ᠪᠠᠬᠢ ᠪᠤᠢ ᠪᠣᠯᠭᠠᠵᠤ᠂ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠶ᠂ ᠮᠥᠩᠭᠦᠨ | ᠭᠦᠢᠯᠭᠡᠭᠡ᠂ ᠨᠡᠶᠢᠭᠡᠮ᠂ ᠭᠠᠳᠠᠭᠠᠳᠤ ᠣᠷᠴᠢᠨ ᠠᠬᠤᠶ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ | ᠳᠡᠭᠡᠳᠦ ᠬᠡᠮᠵᠢᠶ᠎ᠡ ᠪᠠᠷ ᠠᠩᠬᠠᠷᠤᠨ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ ᠪᠥᠭᠡᠳ ᠲᠣᠭᠲᠠᠭᠤᠨ | ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠬᠤᠳᠠ ᠬᠥᠳᠡᠭᠡ ᠶᠢᠨ ᠨᠡᠶᠢᠭᠡᠮ ᠤᠨ ᠵᠠᠰᠠᠯᠲᠠ ᠶᠢ | ᠴᠢᠩᠭᠠᠳᠬᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠪᠣᠯᠪᠠᠰᠤᠨ ᠬᠤᠳᠠ ᠪᠠᠶᠢᠭᠤᠯᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ | ᠴᠢᠩᠭᠠᠳᠬᠠᠵᠤ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ | ᠤᠯᠠᠭᠠᠨᠬᠠᠳᠠ ᠶᠢ ᠪᠠᠶᠢᠭᠤᠯᠤᠨ᠎ᠠ᠃ ︽ᠭᠤᠷᠪᠠᠨ ᠨᠡᠢᠭᠡᠮ ᠤᠨ ᠬᠢ ᠬᠠᠮᠲᠤᠷᠠᠨ ᠬᠥᠳᠡᠯᠦᠯᠴᠡᠬᠦ︾ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠷᠠᠳ ᠤᠨ ᠪᠦᠯᠬᠦᠮ ᠤᠨ | ᠨᠡᠶᠢᠭᠡᠮ ᠤᠨ ᠵᠠᠰᠠᠯᠲᠠ ᠳᠤ ᠥᠷᠭᠡᠨ ᠢᠶᠠᠷ ᠣᠷᠣᠯᠴᠠᠬᠤ ᠶᠢ ᠳᠡᠮᠵᠢᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠵᠡᠷᠭᠡ ᠶᠢᠨ ᠨᠠᠰᠤᠲᠠᠶᠢᠴᠤᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ ᠬᠥᠳᠡᠭᠡ ᠲᠤᠰᠬᠤᠨ ᠮᠠᠯᠵᠢᠬᠤ ᠣᠷᠣᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩ ᠳᠠᠳᠬᠠᠯ ᠢᠶᠠᠨ ᠥᠭᠡᠷᠡᠴᠢᠯᠡᠬᠦ ᠶᠢ ᠢᠳᠡᠪᠬᠢᠲᠡᠶ | ᠰᠠᠨᠠᠭᠠᠴᠢᠯᠠᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ | ᠪᠦᠷᠢᠨᠰᠢᠭᠦᠯᠦᠨ᠎ᠡ᠃ ᠪᠣᠯᠪᠠᠰᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠥᠷᠭᠦᠯᠵᠢᠯᠡᠨ ᠠᠬᠢᠭᠤᠯᠵᠤ᠂ ᠵᠢᠯ ᠤᠨ | ᠳᠣᠲᠣᠷ᠎ᠠ ᠪᠥᠬᠦ ᠬᠤᠲᠠ ᠶᠢᠨ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠦᠭᠡᠮᠡᠯ ᠦᠢᠯᠡᠴᠢᠯᠡᠭᠡ ᠶᠢᠨ | ᠨᠡᠶᠢᠳᠡᠮ ᠬᠡᠷᠡᠭᠵᠢᠭᠦᠯᠦᠭᠳᠡᠬᠦ ᠶᠢ ᠪᠡᠶᠡᠯᠡᠭᠦᠯᠦᠨ᠎ᠡ᠃ ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ | ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ | ᠡᠬᠢᠯᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠰᠤᠷᠤᠯᠴᠠᠬᠤ᠂ ᠬᠠᠤᠯᠢ ᠰᠠᠬᠢᠬᠤ᠂ ᠬᠠᠤᠯᠢ ᠬᠡᠷᠡᠭᠯᠡᠬᠦ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠪᠥᠬᠦ ᠬᠤᠲᠠ ᠶᠢᠨ ᠶᠡᠭᠡ ᠡᠶᠡᠳᠡᠭᠦᠯᠭᠡ ᠶᠢᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ ᠶᠢᠨ ᠬᠤᠯᠪᠣᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠳᠠᠬᠢᠨ ᠲᠠᠪᠲᠠᠨ ᠵᠠᠬᠢᠳᠠᠯ | ᠰᠤᠷᠪᠤᠯᠵᠢᠯᠠᠭ᠎ᠠ ᠬᠢᠬᠦ ᠶᠢ ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠪᠠ ᠬᠠᠤᠯᠢ | ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠦᠲᠦᠮᠵᠢᠲᠡᠶ ᠪᠠᠷ ᠰᠢᠢᠳᠪᠦᠷᠢᠯᠡᠵᠦ᠂ ᠵᠢᠭᠤᠷᠠᠯᠳᠤᠨ ᠰᠤᠷᠪᠤᠯᠵᠢᠯᠠᠵᠤ | ᠦᠢᠮᠡᠭᠦᠯᠦᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠦᠬᠦ ᠤᠯᠤᠰ ᠤᠨ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠬᠤᠶᠠᠷ ᠪᠤᠯᠢᠶᠠᠬᠤ ᠨᠢᠭᠡ ᠬᠤᠯᠠᠭᠠᠶᠢᠯᠠᠬᠤ᠂ ᠱᠠᠯᠢᠭ ᠵᠠᠪᠬᠠᠶ ᠵᠦᠢᠯ ᠵᠣᠭᠤᠰ | ᠨᠠᠭᠠᠳᠬᠤ᠂ ᠬᠤᠣᠷᠲᠤ ᠡᠳ᠋ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠨ᠎ᠠ᠃ ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | ᠲᠥᠯᠥᠭᠡᠯᠡᠭᠴᠢᠳ ᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ | ᠲᠡᠦᠬᠡᠨ ᠴᠠᠭ ᠦᠶ᠎ᠡ ᠳᠤ᠂ ᠬᠥᠭᠵᠢᠯᠲᠡ ᠶᠢᠨ ᠡᠭᠦᠷᠭᠡ ᠨᠡᠩ ᠬᠦᠨᠳᠦ ᠨᠦᠰᠡᠷ᠂ ᠲᠤᠯᠭᠠᠷᠠᠬᠤ ᠥᠷᠢᠰᠥᠯᠳᠦᠭᠡᠨ ᠨᠡᠩ | ᠬᠠᠲᠠᠭᠤ ᠴᠢᠩᠭ᠎ᠠ ᠶᠤᠮ᠂ ᠪᠢᠳᠡ ᠦᠨᠡᠨᠴᠢ ᠰᠢᠳᠤᠷᠭᠤ ᠪᠠ ᠬᠠᠷᠢᠭᠤᠴᠠᠯᠭ᠎ᠠ ᠡᠭᠦᠷᠭᠡᠯᠡᠬᠦ ᠶᠢ ᠨᠡᠩ ᠴᠢᠬᠤᠯᠠᠴᠢᠯᠠᠵᠤ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ | ᠲᠦᠮᠡᠨ ᠳᠤ ᠦᠢᠯᠡᠴᠢᠯᠡᠬᠦ ᠲᠠᠷᠬᠠᠨ ᠡᠭᠦᠷᠭᠡ ᠪᠠᠨ ᠦᠨᠡᠨᠬᠦ ᠡᠭᠦᠷᠭᠡᠯᠡᠵᠦ᠂ ᠪᠦᠬᠦ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠦᠢᠯᠡᠳᠦᠯᠭᠡ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ᠃ ︵ᠨᠢᠭᠡ︶ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠤᠨᠴᠠᠭᠠᠢᠢᠯᠠᠨ ᠥᠪᠥᠷ | ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠪᠠᠲᠤ | ᠲᠤᠤᠱᠯᠠᠭᠤᠯᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠦᠷ᠎ᠡ | ᠪᠦᠲᠦᠮᠵᠢ ᠶᠢ ᠴᠢᠬᠤᠯᠠᠴᠢᠯᠠᠨ᠂ ᠤᠯᠤᠰ ᠲᠥᠷᠥ ᠶᠢᠨ ᠨᠥᠯᠥᠭᠡ ᠶᠢ ᠪᠣᠳᠣᠯᠬᠢᠯᠠᠵᠤ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ | ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ | ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ︽ᠳᠥᠷᠪᠡᠨ | ᠤᠬᠠᠮᠰᠠᠷ︾ ᠢ ᠦᠢᠯᠡᠳᠦᠯᠭᠡᠵᠢᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ︵ᠬᠤᠶᠠᠷ︶ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ | ᠲᠣᠭᠲᠠᠪᠤᠷᠢᠵᠢᠭᠤᠯᠬᠤ᠂ ᠠᠯᠤᠰ ᠢᠷᠡᠭᠡᠳᠦᠶ ᠳᠤ ᠠᠰᠢᠭᠲᠠᠶ ᠪᠠᠶᠢᠯᠭᠠᠬᠤ ᠴᠢᠬᠤᠯᠠ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ | ᠵᠠᠮᠨᠠᠬᠤ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠤᠭᠲᠠᠴᠠ ᠶᠢᠨ ᠥᠭᠡᠷᠡᠴᠢᠯᠡᠯᠲᠡ ᠶᠢ | ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠵᠢᠷᠤᠮᠵᠢᠯ ᠲᠠᠢ ᠲᠥᠪ ᠭᠤᠣᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ | ᠭᠤᠷᠪᠠᠨ ᠵᠦᠢᠯ ᠤᠨ ᠲᠦᠷᠢᠮ︾ ᠢ ᠬᠡᠷᠡᠭᠵᠢᠭᠦᠯᠦᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠢᠨᠠᠨ ᠪᠤᠳᠤᠯᠳᠠ ᠶᠢᠨ | ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠬᠠᠤᠯᠢ ᠶᠣᠰᠣᠭᠠᠷ ᠭᠦᠢᠴᠡᠳᠬᠡᠵᠦ᠂ ︽ᠭᠤᠷᠪᠠᠨ ᠴᠢᠬᠤᠯᠠ ᠨᠢᠭᠡ | ᠶᠡᠭᠡ︾ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ | ᠠᠷᠠᠳᠴᠢᠯᠠᠯᠲᠠ ᠪᠠ ᠬᠠᠤᠯᠢᠵᠢᠭᠤᠯᠤᠯᠲᠠ ᠶᠢ ᠦᠨᠡᠨᠬᠦ ᠪᠠᠲᠤᠯᠠᠨ᠎ᠠ᠃ ︵ᠭᠤᠷᠪᠠ︶ ᠦᠷ᠎ᠡ ᠠᠰᠢᠭ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠦᠵᠡᠯ ᠰᠠᠨᠠᠭ᠎ᠠ᠂ ᠰᠢᠨ᠎ᠡ ᠮᠡᠳᠡᠯᠭᠡ᠂ ᠰᠢᠨ᠎ᠡ ᠤᠨᠤᠯ ᠤᠨ | ᠰᠤᠷᠤᠯᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ︽ᠲᠤᠯᠤᠭᠠᠨ | ᠵᠦᠢᠯ ᠤᠨ ᠴᠢᠳᠠᠪᠤᠷᠢ︾ ᠶᠢ ᠬᠦᠴᠦᠯᠡᠨ ᠳᠡᠭᠡᠭᠰᠢᠯᠡᠭᠦᠯᠦᠨ᠎ᠡ᠃ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠡᠭᠦᠰᠦᠨ ᠳᠡᠯᠭᠡᠷᠡᠬᠦ ᠶᠢ ᠡᠷᠡᠰ | ᠰᠡᠷᠭᠡᠶᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠡᠭᠡᠯ ᠶᠡᠷᠦᠮᠳᠡᠭ᠂ ᠠᠯᠵᠠᠭᠤ ᠵᠠᠯᠬᠠᠭᠤ᠂ ᠰᠤᠯᠠ ᠵᠠᠳᠠᠭᠠᠢ᠂ | ᠡᠮᠬᠢ ᠵᠢᠷᠦᠮ ᠦᠭᠡᠢ ᠵᠡᠷᠭᠡ ᠰᠤᠷᠲᠠᠯ ᠤᠨ ᠠᠷᠬᠠᠭ ᠭᠡᠮ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ | ᠣᠷᠳᠣᠨ ᠤ ᠬᠦᠷᠢᠶᠡᠨ ᠳᠠᠬᠢ ᠲᠥᠪ ᠪᠤᠰᠤ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠨ᠎ᠠ᠃ ᠦᠢᠯᠡᠴᠢᠯᠡᠬᠦ | ᠣᠪᠣᠷ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ | ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ︵ᠲᠦᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠤᠬᠠᠮᠰᠠᠷ ᠪᠠ | ᠬᠢᠵᠠᠭᠠᠷ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠢᠯᠵᠠᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠤᠨ᠎ᠠ᠃ ᠡᠳ᠋ ᠤᠨ | ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭᠠᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠨ᠎ᠠ᠃ ᠪᠡᠶ᠎ᠡ ᠪᠠᠷ ᠢᠶᠠᠨ | ᠲᠦᠷᠦᠭᠦᠯᠡᠨ ᠦᠷᠭᠦᠯᠵᠢᠯᠡᠨ ︽ᠭᠠᠮᠨᠠᠨ ᠠᠮᠢᠳᠤᠷᠠᠵᠤ︾᠂ ᠰᠠᠶᠢᠲᠤᠷ ᠠᠷᠪᠢᠯᠠᠨ ᠭᠠᠮᠨᠠᠵᠤ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠤᠨ᠎ᠠ᠃ ᠲᠥᠯᠥᠭᠡᠯᠡᠭᠴᠢᠳ ᠡ᠂ ᠬᠡᠲᠦ ᠶᠢᠨ ᠲᠥᠰᠦᠪ ᠪᠢᠳᠡᠨ ᠢ ᠤᠷᠮᠠᠰᠢᠭᠤᠯᠤᠨ ᠲᠠᠪᠰᠢᠭᠤᠯᠵᠣ ᠪᠠᠶᠢᠨ᠎ᠠ᠂ | ᠡᠷᠡᠯᠬᠡᠭᠯᠡᠨ ᠲᠡᠮᠡᠴᠡᠵᠦ ᠭᠡᠷᠡᠯ ᠰᠠᠴᠤᠷᠠᠩᠭᠤᠶ ᠦᠢᠯᠡᠰ ᠢ ᠪᠦᠲᠦᠭᠡᠶ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠡᠷᠡᠮᠡᠬᠡᠶᠢᠯᠡᠨ ᠤᠷᠤᠭᠰᠢᠯᠠᠵᠤ᠂ ᠤᠯᠠᠭᠠᠨᠬᠠᠳᠠ | ᠬᠤᠳᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ | ᠴᠥᠬᠦᠷᠡᠰᠢ ᠦᠬᠡᠢ ᠲᠡᠮᠡᠴᠡᠵᠡᠭᠡᠶ᠎ᠡ︕ | ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠭ᠎ᠠ ᠶᠢᠨ ᠰᠠᠯᠠᠭ᠎ᠠ | |