ᠬᠤᠲᠠ ᠶᠢᠨ ᠵᠠᠰᠠᠭ ᠤᠨ ᠣᠷᠳᠣᠨ 2021 ᠣᠨ ᠤ ᠠᠩᠬᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠢᠪᠡ
ᠨᠡᠶᠢᠲᠡᠯᠡᠭᠰᠡᠨ ᠴᠠᠭ᠄
2021/3/9
     3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠳᠠᠷᠤᠭ᠎ᠠ ᠸᠠᠩ ᠸᠠᠩ ᠱᠧᠩ ᠬᠤᠳᠠ ᠶᠢᠨ ᠵᠠᠰᠠᠭ ᠤᠨ ᠣᠷᠳᠣᠨ ᠤ 2021 ᠣᠨ ᠤ ᠠᠩᠬᠠᠳᠤᠭᠠᠷ ᠤᠳᠠᠭᠠᠨ ᠤ ᠪᠦᠬᠦᠳᠡ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ︽2021 ᠣᠨ ᠤ ᠪᠦᠬᠦ ᠬᠤᠳᠠ ᠶᠢᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠡᠬᠡ ᠲᠠᠩᠰᠠ︾ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠳᠠ ᠶᠢᠨ ᠡᠨᠡ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠵᠠᠰᠠᠭ ᠤᠨ ᠣᠷᠳᠣᠨ ᠤ ᠤᠢᠢᠷ᠎ᠠ ᠶᠢᠨ ᠬᠤᠭᠤᠴᠠᠭᠠᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ︽2021 ᠣᠨ ᠤ ᠪᠥᠬᠦ ᠬᠤᠲᠠ ᠶᠢᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠡᠬᠡ ᠲᠠᠩᠰᠠ︾ ᠪᠣᠯ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠭᠠᠷᠳᠠᠴᠠ ᠮᠥᠨ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠡᠷᠬᠡᠪᠰᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠡᠳᠦᠷ ᠲᠤᠲᠤᠮ ᠤᠨ ᠲᠣᠬᠢᠷᠠᠭᠤᠯᠤᠯᠲᠠ ᠪᠣᠯᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠨ ᠭᠠᠷᠭᠠᠪᠠ᠃     ᠬᠤᠷᠠᠯ ᠠᠴᠠ᠂ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠡᠷᠬᠡᠪᠰᠢ ᠲᠤᠭ ᠲᠡᠮᠳᠡᠭ ᠲᠣᠳᠣᠷᠬᠠᠶ ᠪᠠᠶᠢᠵᠤ ᠤᠯᠤᠰ ᠲᠥᠷᠥ ᠶᠢ ᠡᠷᠬᠢᠮᠯᠡᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ ᠪᠣᠯᠤᠨ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠤᠷᠤᠨ ᠨᠤᠲᠤᠭ ᠢᠶᠠᠨ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠡᠴᠦᠰ ᠲᠤ ᠨᠢ ᠲᠤᠯᠲᠠᠯ᠎ᠠ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠡᠴᠦᠰ ᠪᠤᠯᠬᠤ ᠳᠤ ᠪᠥᠬᠦ ᠬᠤᠲᠠ ᠶᠢᠨ ᠠᠷᠠᠳ ᠲᠦᠮᠡᠨ ᠳᠤ ᠠᠮᠠᠯᠠᠯᠲᠠ ᠪᠠᠨ ᠪᠡᠶᠡᠯᠡᠭᠦᠯᠵᠦ᠂ ᠰᠠᠶᠢᠨ ᠲᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠬᠠᠷᠠᠴᠠ ᠪᠠᠷ ᠠᠰᠠᠭᠤᠳᠠᠯ ᠢ ᠵᠠᠳᠠᠯᠤᠨ ᠪᠣᠳᠣᠯᠬᠢᠯᠠᠵᠤ᠂ ᠵᠠᠰᠠᠭ ᠤᠨ ᠣᠷᠳᠣᠨ ᠤ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠮᠡᠳᠡᠭᠡ ᠵᠠᠩᠭᠢ ᠶᠢᠨ ᠨᠡᠪᠲᠡᠷᠡᠯᠴᠡᠭᠡ ᠪᠣᠯᠤᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠦᠴᠦᠨ ᠢᠶᠠᠨ ᠬᠠᠮᠳᠤᠳᠬᠠᠵᠤ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠬᠠᠤᠯᠢᠵᠢᠯ ᠤᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠪᠣᠯᠤᠨ ᠰᠠᠬᠢᠯᠭ᠎ᠠ ᠪᠠᠲᠤ ᠶᠢᠨ ᠤᠬᠠᠮᠰᠠᠷ ᠢ ᠪᠠᠲᠤ ᠪᠤᠢ ᠪᠣᠯᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠯᠬᠤᠮ ᠳᠠᠷᠠᠭᠠᠯᠠᠯ ᠢ ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠴᠢᠬᠤᠯᠠᠴᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠵᠦ᠂ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠲᠦᠷᠦᠯ ᠵᠦᠢᠯ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠠᠵᠤ ᠦᠢᠯᠡᠰ ᠤᠨ ᠵᠢᠷᠤᠭ ᠲᠦᠰᠦᠪ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠲᠤᠭ ᠤᠨ ᠲᠦᠢᠮᠡᠷ ᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠲᠠ ᠶᠢᠨ ᠳᠡᠳ᠋ ᠳᠠᠷᠤᠭ᠎ᠠ ᠱᠧᠩ ᠰᠢᠶᠤᠤ ᠶᠢᠦ᠂ ᠬᠤ᠋ ᠴᠢᠩ ᠹᠧᠩ᠂ ᠸᠠᠩ ᠭᠦᠸᠧ ᠰᠧᠨ᠂ ᠬᠤᠸᠠᠩ ᠭᠦᠸᠧ ᠸᠧᠨ᠂ ᠯᠢ ᠶᠠᠨ ᠷᠦ᠋᠂ ᠴᠧᠨ ᠵᠠᠨ ᠶᠢᠩ᠂ ᠯᠢ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠣᠯᠠᠭᠠᠨᠬᠠᠳᠠ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号