ᠮᠧᠩ ᠰᠢᠶᠠᠨ ᠳ᠋ᠦᠩ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/1
      ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ᠃       ᠮᠧᠩ ᠰᠢᠶᠠᠨ ᠳ᠋ᠦᠩ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ᠂ ᠪᠥᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠤᠬᠠᠮᠰᠠᠷ ᠠᠴᠠ ᠪᠠᠨ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠳᠥᠯᠭᠢᠨ ᠠᠬᠢᠭᠤᠯᠵᠤ᠂ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠭᠠᠨᠬᠠᠳᠠ ᠶᠢᠨ ᠡᠬᠡ ᠭᠠᠵᠠᠷ ᠲᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ ᠭᠤᠣᠯ ᠴᠢᠮᠥᠭᠡ ᠴᠢᠬᠤᠯᠠ ᠠᠭᠤᠯᠭ᠎ᠠ ᠶᠢ ᠡᠵᠡᠮᠳᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠷᠮᠠᠶᠢᠨ ᠰᠠᠶᠢᠲᠤᠷ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠥᠬᠦᠷᠡᠰᠢ ᠦᠭᠡᠢ ᠪᠠᠷᠢᠮᠲᠠᠯᠠᠬᠤ ᠳᠠᠭᠠᠭᠠᠮᠠᠭᠠᠢ ᠴᠢᠨᠠᠷ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠰᠢᠨ᠎ᠡ ᠪᠦᠲᠦᠮᠵᠢ᠂ ᠠᠰᠠᠭᠤᠳᠠᠯ ᠢ ᠰᠢᠢᠳᠪᠦᠷᠢᠯᠡᠬᠦ ᠠᠵᠢᠯᠯᠠᠭᠠᠨ ᠤ ᠬᠦᠴᠦᠨ ᠢᠶᠠᠷ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃       ᠮᠧᠩ ᠰᠢᠶᠠᠨ ᠳ᠋ᠦᠩ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠢᠳᠡᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠲᠣᠳᠣᠷᠬᠠᠶ ᠴᠢᠭᠯᠡᠯ ᠪᠠ ᠦᠨᠳᠦᠰᠦᠨ ᠵᠢᠷᠤᠮᠯᠠᠯ ᠬᠠᠩᠭᠠᠵᠤ ᠥᠭᠪᠡ᠃ ︽ᠶᠠᠭᠤᠨ ᠳᠤ ᠰᠤᠷᠤᠯᠴᠠᠬᠤ︾ ᠶᠢ ᠭᠦᠨᠵᠡᠭᠡᠢ ᠤᠢᠢᠯᠠᠭᠠᠨ ᠡᠵᠡᠮᠰᠢᠵᠦ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠡᠦᠬᠡ ᠰᠤᠷᠴᠤ ᠶᠣᠰᠣ ᠤᠴᠢᠷ ᠢ ᠮᠡᠳᠡᠬᠦ᠂ ᠲᠡᠦᠬᠡ ᠰᠤᠷᠴᠤ ᠢᠲᠡᠭᠡᠯ ᠢ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠡᠷᠬᠢᠮᠯᠡᠵᠦ᠂ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠠᠴᠠ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠦᠷ ᠳᠠᠯᠠᠶᠢᠴᠠᠲᠠᠢ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ᠃ ︽ᠶᠠᠭᠤ ᠶᠢ ᠰᠤᠷᠤᠯᠴᠠᠬᠤ︾ ᠶᠢ ᠭᠦᠨᠵᠡᠭᠡᠢ ᠤᠢᠢᠯᠠᠭᠠᠨ ᠡᠵᠡᠮᠰᠢᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠬᠤ᠂ ᠬᠤᠪᠢᠰᠬᠠᠯ ᠤᠨ ᠰᠦᠭ ᠰᠦᠨᠡᠰᠦ ᠶᠢ ᠤᠯᠠᠮᠵᠢᠯᠠᠬᠤ᠂ ᠡᠷᠡᠮᠡᠬᠡᠶᠢᠯᠡᠨ ᠲᠠᠪᠰᠢᠬᠤ ᠵᠣᠷᠢᠭ ᠲᠠᠢ ᠤᠶᠠᠯᠳᠤᠭᠤᠯᠤᠨ᠂ ᠠᠷᠠᠳ ᠤᠨ ᠲᠥᠯᠥᠭᠡ ᠵᠢᠳᠬᠦᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ ᠲᠣᠭᠤᠷᠢᠨ ᠳᠤ ᠬᠠᠮᠢᠶ᠎ᠠ ᠪᠦᠬᠦᠢ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠥᠪ ᠴᠢᠭᠯᠡᠯ ᠢ ᠦᠨᠡᠨᠬᠦ ᠪᠠᠲᠤᠳᠬᠠᠬᠤ ᠬᠡᠷᠡᠭᠲᠡᠢ᠃ ︽ᠬᠡᠷᠬᠢᠨ ᠰᠤᠷᠤᠯᠴᠠᠬᠤ︾ ᠶᠢ ᠭᠦᠨᠵᠡᠭᠡᠢ ᠲᠥᠯᠥᠪᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠯᠢᠳᠡᠭ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠳᠠᠭᠠᠭᠤᠯᠤᠨ ᠰᠤᠷᠤᠯᠴᠠᠵᠤ᠂ ᠬᠤᠲᠠ ᠶᠢᠨ ᠤᠳᠤᠷᠢᠳᠤᠯᠭ᠎ᠠ ᠵᠠᠩ ᠬᠤᠸᠠ᠂ ᠰᠣᠶᠤᠯᠴᠡᠴᠡᠭ᠂ ᠵᠠᠩ ᠪᠢᠶᠤᠤ᠂ ᠶᠤᠸᠠᠨ ᠸᠧᠨ ᠢᠩ᠂ ᠴᠧᠨ ᠵᠠᠨ ᠢᠩ᠂ ᠴᠢᠦ ᠸᠧᠨ ᠪᠥᠸᠧ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠶᠠᠷᠢᠶ᠎ᠠ ᠶᠢᠨ ᠨᠣᠣᠷᠠᠭ ᠢᠶᠠᠨ ᠲᠤᠰᠢᠶᠠᠵᠠᠢ᠃
 
ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号