ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠦ ᠶᠦᠩ ᠵᠢᠶᠦ᠋ᠨ ᠨᠡᠷ ᠱᠡᠭᠡᠷᠲᠦ ᠰᠢᠶᠠᠩ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/4/13
    4 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠦ ᠶᠦᠩ ᠵᠢᠶᠦ᠋ᠨ ᠨᠡᠷ ᠱᠡᠭᠡᠷᠲᠦ ᠰᠢᠶᠠᠩ ᠳᠤ ᠬᠦᠷᠴᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠶᠦᠩ ᠵᠢᠶᠦ᠋ᠨ ᠵᠢᠴᠢ ᠬᠡᠰᠡᠭ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
    ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢᠬᠢ᠂ ᠱᠡᠭᠡᠷᠲᠦ ᠰᠢᠶᠠᠩ ᠤᠨ ᠲᠥᠪᠯᠡᠷᠡᠭᠦᠯᠦᠨ ᠰᠤᠷᠤᠯᠴᠠᠬᠤ᠂ ᠪᠡᠶ᠎ᠡ ᠪᠠᠨ ᠳᠠᠭᠠᠭᠠᠵᠤ ᠰᠤᠷᠤᠯᠴᠠᠬᠤ᠂ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠢᠶᠠᠩ ᠤᠨ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠶᠠᠩ ᠵᠦᠸᠧ ᠶᠢᠨ ᠱᠡᠭᠡᠷᠲᠦ ᠰᠢᠶᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠳᠤ ᠱᠡᠭᠡᠷᠲᠦ ᠰᠢᠶᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠮᠠᠲ᠋ᠧᠷᠢᠶᠠᠯ ᠤᠨ ᠡᠮᠬᠢᠳᠬᠡᠯ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠡᠮᠳᠡᠭᠯᠡᠯ ᠢ ᠤᠷᠪᠠᠭᠤᠯᠤᠨ ᠦᠵᠡᠭᠦᠯᠬᠦ ᠪᠠᠷ ᠲᠤᠬᠢᠷᠠᠭᠤᠯᠪᠠ᠃
 
ᠢᠷᠡᠯᠲᠡ᠄ ᠱᠡᠭᠡᠷᠲᠦ ᠰᠢᠶᠠᠩ ᠤᠨ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号