4 ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ | ᠬᠠᠤᠯᠢ ᠪᠠᠷ ᠤᠷᠤᠨ ᠢᠶᠠᠨ ᠵᠠᠰᠠᠬᠤ ᠬᠤᠷᠢᠶ᠎ᠠ ᠲᠦᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠦ᠂ ᠶᠡᠷᠦᠩᠭᠡᠢ | ᠱᠦᠵᠢ ᠰᠢ ᠶᠢᠨ ᠫᠢᠩ ᠤᠨ ᠲᠦᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠬᠤᠯᠪᠤᠭᠳᠠᠯ ᠪᠦᠬᠦᠢ | ᠪᠢᠴᠢᠭ ᠮᠠᠲ᠋ᠧᠷᠢᠶᠠᠯ ᠢ ᠬᠢᠨᠡᠨ ᠵᠦᠪᠯᠡᠵᠦ᠂ ᠬᠠᠤᠯᠢᠵᠢᠯ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠤᠨ | ᠡᠬᠦᠷᠭᠡ ᠶᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ | ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ | ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠤᠷᠤᠯᠴᠠᠪᠠ᠃ | ᠬᠤᠷᠠᠯ ᠠᠴᠠ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠰᠠᠨ 2020 ᠣᠨ ᠤ ᠠᠵᠢᠯ ᠤᠨ ᠬᠠᠷᠢᠭᠤ | ᠮᠡᠳᠡᠬᠦᠯᠦᠯᠳᠠ ᠶᠢ ᠰᠤᠨᠤᠰᠴᠦ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠠᠤᠯᠢ ᠲᠤᠭᠳᠠᠭᠠᠬᠤ᠂ | ᠬᠠᠤᠯᠢ ᠭᠡᠷᠡᠭᠵᠢᠬᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠬᠦᠯᠬᠦ 4 ᠵᠤᠬᠢᠴᠠᠭᠤᠯᠬᠤ | ᠲᠤᠭᠤᠢᠢᠯᠠᠩ ᠤᠨ 2020 ᠣᠨ ᠤ ᠠᠵᠢᠯ ᠤᠨ ᠪᠠᠶᠢᠳᠠᠯ ᠪᠠ 2021 ᠣᠨ ᠤ ᠠᠵᠢᠯ ᠤᠨ ᠲᠤᠬᠢᠷᠠᠭᠤᠯᠤᠯᠳᠠ ᠶᠢᠨ | ᠬᠠᠷᠢᠭᠤ ᠮᠡᠳᠡᠬᠦᠯᠦᠯᠳᠠ ᠶᠢ ᠰᠤᠨᠤᠰᠤᠨ᠂ ︽ᠲᠦᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠡᠨ ᠭᠡᠷ ᠤᠨ | ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠦᠰᠦᠯ︾᠂ ︽ | ᠦᠪᠡᠷᠲᠡᠭᠡᠨ ᠵᠠᠰᠠᠬᠤ ᠤᠷᠤᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ 2021 | ᠣᠨ ᠤ ᠠᠵᠢᠯ ᠤᠨ ᠭᠤᠤᠯᠳᠠᠯᠭ᠎ᠠ︾᠂ ︽︿ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ | ᠪᠠᠶᠢᠭᠤᠯᠤᠯᠳᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ | ᠪᠠᠶᠢᠳᠠᠯ ᠢ ᠣᠨ ᠤ ᠲᠤᠰᠢᠶᠠᠯ ᠢᠶᠠᠨ ᠲᠤᠭᠠᠴᠢᠬᠤ ᠠᠭᠤᠯᠭ᠎ᠠ ᠳᠤ ᠤᠷᠤᠭᠤᠯᠬᠤ ᠠᠵᠢᠯ ᠤᠨ ᠲᠤᠬᠠᠢ ᠰᠠᠨᠠᠯ﹀ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠦᠰᠦᠯ︾ ᠢ ᠬᠢᠨᠡᠨ ᠵᠦᠪᠯᠡᠵᠦ ᠪᠠᠳᠤᠯᠠᠵᠠᠢ᠃ | ᠬᠤᠷᠠᠯ ᠠᠴᠠ᠂ ᠡᠨᠡ ᠵᠢᠯ ᠪᠤᠯ ︽ᠠᠷᠪᠡᠨ ᠲᠦᠷᠪᠡᠳᠦᠭᠡᠷ ᠲᠠᠪᠤᠨ ᠵᠢᠯ︾ ᠤᠨ ᠡᠬᠢᠯᠡᠯᠳᠠ ᠶᠢᠨ ᠵᠢᠯ ᠮᠦᠨ᠂ | ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠪᠡᠷᠭᠡ ᠬᠠᠳᠠᠭᠤᠵᠢᠯᠳᠠᠢ ᠪᠦᠭᠡᠳ ᠬᠦᠨᠳᠦ ᠨᠦᠰᠡᠷ ᠪᠠᠶᠢᠨ᠎ᠠ᠂ | ᠡᠷᠭᠡᠪᠰᠢ ᠬᠠᠤᠯᠢᠵᠢᠯ ᠤᠨ ᠪᠠᠶᠢᠭᠤᠯᠤᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠪᠦᠬᠦ ᠲᠠᠯ᠎ᠠ ᠪᠠᠷ | ᠴᠢᠩᠭᠠᠳᠬᠠᠵᠦ᠂ ᠦᠨᠳᠦᠰᠦ ᠶᠢ ᠪᠠᠬᠢᠵᠢᠬᠦᠯᠬᠦ᠂ ᠵᠢᠱᠢᠯᠳᠠ ᠶᠢ ᠲᠤᠭᠳᠠᠪᠤᠷᠢᠵᠢᠭᠤᠯᠬᠤ᠂ ᠠᠯᠤᠰ ᠭᠡᠳᠦ ᠳᠤ | ᠠᠰᠢᠬᠳᠠᠢ ᠪᠠᠶᠢᠯᠭᠠᠬᠤ ᠬᠠᠤᠯᠢᠵᠢᠯ ᠤᠨ ᠪᠠᠳᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠲᠡᠢ᠃ ᠡᠯ᠎ᠠ | ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠡᠩ ᠦᠨᠳᠦᠷ ᠵᠤᠬᠰᠤᠴᠠ᠂ ᠨᠡᠩ ᠴᠢᠩᠭ᠎ᠠ ᠪᠠᠷᠢᠮᠵᠢᠶ᠎ᠠ᠂ ᠨᠡᠩ | ᠪᠤᠳᠠᠳᠠᠢ ᠠᠷᠭ᠎ᠠ ᠭᠡᠮᠵᠢᠶ᠎ᠠ ᠪᠠᠷ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠯ᠎ᠠ ᠵᠦᠢᠯ ᠤᠨ ᠠᠵᠢᠯ ᠢ | ᠲᠦᠯᠦᠪᠵᠢᠬᠦᠯᠦᠨ ᠠᠬᠢᠭᠤᠯᠵᠦ᠂ ᠬᠠᠤᠯᠢ ᠶᠤᠰᠤᠭᠠᠷ ᠵᠠᠰᠠᠬᠤ ᠲᠦᠷᠢᠮ ᠤᠨ ᠲᠠᠪᠠᠭᠤᠯᠢᠬ ᠢ ᠨᠡᠩ ᠰᠠᠶᠢᠨ | ᠵᠠᠰᠠᠯᠳᠠ ᠶᠢᠨ ᠦᠢᠯᠡᠳᠦᠯ ᠴᠢᠲᠠᠮᠵᠢ ᠪᠤᠯᠭᠠᠨ ᠬᠤᠪᠢᠷᠠᠭᠤᠯᠵᠤ᠂ ᠨᠡᠩ ᠬᠦᠴᠦᠳᠠᠢ ᠬᠠᠤᠯᠢᠵᠢᠯ ᠤᠨ ᠪᠠᠳᠤᠯᠠᠭ᠎ᠠ ᠪᠠᠷ | ᠡᠯ᠎ᠠ ᠵᠦᠢᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠭᠡᠷᠡᠭᠲᠡᠢ᠃ ᠲᠦᠪ ᠤᠨ ᠬᠠᠤᠯᠢ ᠪᠠᠷ ᠤᠯᠤᠰ ᠢᠶᠠᠨ | ᠵᠠᠰᠠᠬᠤ ᠠᠯᠪᠡᠨ ᠭᠡᠷ ᠤᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠ ᠪᠦᠬᠦ ᠲᠠᠯ᠎ᠠ ᠪᠠᠷ | ᠬᠠᠤᠯᠢ ᠪᠠᠷ ᠤᠷᠤᠨ ᠢᠶᠠᠨ ᠵᠠᠰᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠢᠬᠤᠯᠠ | ᠭᠠᠷᠳᠠᠴᠠ ᠪᠠᠨ ᠪᠤᠯᠭᠠᠵᠦ᠂ ᠴᠡᠭᠴᠡᠯᠡᠨ ᠰᠠᠶᠢᠵᠢᠷᠠᠭᠤᠯᠬᠤ ᠲᠦᠰᠦᠯ ᠪᠠ ᠡᠯ᠎ᠠ ᠲᠦᠷᠦᠯ ᠤᠨ ᠨᠠᠷᠢᠨ ᠲᠠᠩᠰᠠ ᠲᠠᠢ | ᠬᠠᠷᠭᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠭᠡᠮᠵᠢᠶ᠎ᠠ ᠶᠢ ᠨᠠᠷᠢᠯᠢᠬᠵᠢᠭᠤᠯᠵᠤ᠂ ᠨᠠᠷᠢᠨ ᠲᠠᠩᠰᠠ ᠶᠢᠨ | ᠬᠠᠮᠢᠶᠠᠷᠤᠯᠳᠠ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠡᠯ᠎ᠠ ᠵᠦᠢᠯ ᠤᠨ ᠠᠵᠢᠯ ᠢ ᠦᠨᠳᠦᠷ ᠪᠠᠷᠢᠮᠵᠢᠶ᠎ᠠ | ᠦᠨᠳᠦᠷ ᠪᠦᠳᠦᠮᠵᠢᠳᠠᠢ ᠴᠢᠨᠠᠷ ᠰᠠᠶᠢᠳᠠᠢ ᠪᠠᠷ ᠰᠠᠶᠢᠳᠤᠷ ᠬᠢᠵᠦ᠂ ᠬᠠᠤᠯᠢᠵᠢᠯ ᠤᠨ ᠪᠠᠶᠢᠭᠤᠯᠤᠯᠳᠠ ᠶᠢᠨ | ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ ᠨᠠᠷᠢᠯᠢᠬᠵᠢᠭᠤᠯᠬᠤ ᠶᠢ ᠠᠬᠢᠭᠤᠯᠬᠤ ᠭᠡᠷᠡᠭᠲᠡᠢ | ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠭᠤᠤᠯᠳᠠᠯᠭ᠎ᠠ ᠲᠠᠢ | ᠭᠤᠬᠴᠤᠭ᠎ᠠ ᠶᠢ ᠠᠳᠬᠤᠵᠤ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠨ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ | ᠵᠠᠰᠠᠬᠤ ᠠᠵᠢᠯ ᠢ ᠰᠠᠶᠢᠳᠤᠷ ᠬᠢᠬᠦ ᠭᠡᠷᠡᠭᠲᠡᠢ᠃ ᠬᠠᠤᠯᠢ ᠲᠤᠭᠳᠠᠭᠠᠬᠤ ᠴᠢᠨᠠᠷ ᠴᠢᠨᠰᠠᠭ᠎ᠠ ᠶᠢ ᠬᠦᠴᠦᠯᠡᠨ | ᠳᠡᠭᠡᠭᠰᠢᠯᠡᠬᠦᠯᠵᠦ᠂ ᠲᠦᠪ ᠤᠨ ᠵᠤᠷᠢᠭ ᠰᠠᠨᠠᠭ᠎ᠠ ᠶᠢ ᠨᠡᠪᠳᠡᠷᠭᠡᠢ ᠤᠢᠢᠯᠠᠭᠠᠨ᠂ ᠤᠷᠤᠨ ᠤ ᠪᠤᠳᠠᠳᠤ ᠪᠠᠶᠢᠳᠠᠯ ᠢ | ᠤᠨᠤᠪᠴᠢᠳᠠᠢ ᠡᠵᠡᠮᠳᠡᠵᠦ᠂ ᠬᠠᠤᠯᠢ ᠲᠤᠭᠳᠠᠭᠠᠬᠤ ᠲᠡᠰ ᠳᠠᠷᠠᠭᠠᠯᠠᠯ ᠢ ᠲᠦᠪ ᠴᠢᠩᠭ᠎ᠠ ᠪᠤᠯᠭᠠᠨ᠂ ᠭᠤᠤᠯᠳᠠᠯᠭ᠎ᠠ ᠲᠠᠢ | ᠬᠦᠷᠢᠶ᠎ᠠ ᠶᠢ ᠲᠤᠪᠤᠶᠢᠯᠭᠠᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ᠂ ᠦᠨᠳᠦᠰᠦᠳᠡᠨ ᠤ ᠠᠵᠢᠯ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠬᠦᠨᠳᠦ ᠶᠡᠭᠡ | ᠠᠶᠦᠯ ᠲᠦᠭᠰᠢᠬᠦᠷ ᠶᠢ ᠰᠡᠷᠭᠡᠶᠢᠯᠡᠨ ᠰᠢᠢᠳᠪᠤᠷᠢᠯᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠠᠤᠯᠢ ᠲᠤᠭᠳᠠᠭᠠᠬᠤ | ᠠᠵᠢᠯ ᠢ ᠢᠳᠡᠪᠬᠢᠳᠠᠢ ᠠᠬᠢᠭᠤᠯᠵᠦ᠂ ᠬᠠᠤᠯᠢ ᠲᠤᠭᠳᠠᠭᠠᠯ ᠤᠨ ᠰᠢᠰᠲ᠋ᠧᠮ ᠢ ᠠᠯᠬᠤᠮ ᠠᠯᠬᠤᠮ ᠢᠶᠠᠷ | ᠳᠡᠬᠦᠯᠳᠡᠷᠵᠢᠬᠦᠯᠦᠨ᠂ ᠦᠨᠡᠨ ᠬᠦ ᠰᠠᠶᠢᠨ ᠬᠠᠤᠯᠢ ᠪᠠᠷ ᠬᠦᠭᠵᠢᠯᠳᠠ ᠶᠢ ᠠᠬᠢᠭᠤᠯᠤᠨ ᠠᠷᠠᠳ ᠤᠨ ᠠᠮᠢᠳᠤᠷᠠᠯ ᠳᠤ | ᠠᠰᠢᠬ ᠬᠦᠷᠳᠡᠭᠡᠵᠦ ᠴᠢᠳᠠᠮᠠᠭᠠᠢ ᠵᠠᠰᠠᠯᠳᠠ ᠶᠢ ᠪᠠᠳᠤᠯᠠᠬᠤ ᠭᠡᠷᠡᠭᠲᠡᠢ᠃ ᠬᠠᠤᠯᠢᠵᠢᠯ ᠤᠨ ᠵᠠᠰᠠᠭ ᠤᠨ ᠤᠷᠳᠤᠨ ᠤ | ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠦ ᠪᠤᠳᠤᠯᠭ᠎ᠠ | ᠲᠤᠭᠲᠠᠭᠠᠬᠤ ᠲᠡᠰ ᠳᠠᠷᠠᠭᠠᠯᠠᠯ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠳᠠ᠂ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ | ᠦᠭᠡᠷᠡᠴᠢᠯᠡᠯᠳᠠ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠨᠢᠭᠡᠳᠦᠯᠳᠠᠢ | ᠲᠦᠯᠦᠪᠵᠢᠬᠦᠯᠦᠨ ᠠᠬᠢᠭᠤᠯᠵᠦ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠲᠡᠷᠡ ᠶᠤᠰᠤᠭᠠᠷ ᠨᠢ | ᠭᠡᠷᠡᠭᠵᠢᠬᠦᠯᠵᠦ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠭᠡᠷᠡᠭᠵᠢᠬᠦᠯᠬᠦ ᠶᠢ ᠴᠢᠩᠳᠠᠯᠠᠨ ᠵᠢᠷᠤᠮᠵᠢᠭᠤᠯᠵᠦ᠂ | ᠲᠤᠰᠢᠶᠠᠯ ᠬᠠᠷᠢᠭᠤᠴᠠᠯᠭ᠎ᠠ ᠳᠤᠳᠤᠷᠬᠠᠢ ᠮᠦᠷᠳᠡᠬᠡᠨ ᠬᠠᠤᠯᠢ ᠶᠤᠰᠤᠭᠠᠷ ᠵᠠᠰᠠᠭ ᠶᠠᠪᠤᠭᠤᠯᠤᠭᠰᠠᠨ ᠵᠠᠰᠠᠭ ᠤᠨ | ᠤᠷᠳᠤᠨ ᠤ ᠵᠠᠰᠠᠯᠳᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠭᠡᠷᠡᠭᠲᠡᠢ᠃ ᠲᠦᠪ ᠭᠤᠤᠯᠴᠢ ᠪᠠᠷ ᠬᠠᠤᠯᠢ | ᠪᠠᠷᠢᠬᠤ ᠶᠢ ᠶᠡᠭᠡ ᠪᠠᠷ ᠠᠬᠢᠭᠤᠯᠵᠦ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠭᠡᠶᠢᠯᠡᠭᠰᠡᠨ ᠪᠦᠷᠢᠨ ᠲᠦᠬᠦᠷ | ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠬᠠᠤᠯᠢ ᠴᠠᠭᠠᠵᠠ ᠶᠢᠨ ᠬᠢᠵᠠᠭᠠᠷᠯᠠᠯ ᠤᠨ ᠬᠢᠨᠠᠯᠳᠠ | ᠲᠠᠯᠪᠢᠯᠳᠠ ᠶᠢ ᠴᠢᠩᠭᠠᠳᠬᠠᠨ᠂ ᠬᠠᠤᠯᠢ ᠴᠠᠭᠠᠵᠠ ᠶᠢ ᠢᠯᠠ ᠪᠤᠯᠭᠠᠬᠤ ᠠᠵᠢᠯ ᠢ ᠬᠦᠨᠵᠡᠭᠡᠢ ᠠᠬᠢᠭᠤᠯᠵᠦ᠂ | ᠨᠡᠭᠡᠭᠡᠯᠳᠠ ᠲᠠᠢ᠂ ᠬᠦᠳᠡᠯᠦᠩᠬᠦᠢ᠂ ᠢᠯᠠ ᠳᠤᠳᠤ᠂ ᠠᠷᠠᠳ ᠲᠤ ᠲᠦᠬᠦᠮ ᠦᠵᠡᠬᠦᠯᠦᠭᠰᠡᠨ ᠢᠯᠠ ᠳᠤᠳᠤᠷᠬᠠᠢ | ᠬᠠᠤᠯᠢ ᠴᠠᠭᠠᠵᠠ ᠶᠢᠨ ᠲᠤᠭᠳᠠᠴᠠ ᠶᠢ ᠬᠦᠴᠦᠯᠡᠨ ᠪᠠᠶᠢᠭᠤᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠭᠡᠷᠡᠭ | ᠪᠤᠯᠭᠠᠨ ᠠᠴᠠ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠬᠦᠯᠬᠦ ᠪᠠᠷ ᠴᠢᠷᠮᠠᠶᠢᠬᠤ ᠭᠡᠷᠡᠭᠲᠡᠢ᠃ ᠬᠠᠤᠯᠢᠵᠢᠯ ᠤᠨ | ᠨᠡᠶᠢᠭᠡᠮ ᠤᠨ ᠪᠠᠶᠢᠭᠤᠯᠤᠯᠳᠠ ᠶᠢ ᠬᠦᠨᠵᠡᠭᠡᠢ ᠰᠠᠶᠢᠳᠤᠷ ᠠᠳᠬᠤᠵᠦ᠂ ᠦᠪᠡᠷᠲᠡᠭᠡᠨ ᠵᠠᠰᠠᠬᠤ ᠤᠷᠤᠨ ᠤ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠦᠯᠦᠪᠵᠢᠬᠦᠯᠭᠡ ᠶᠢ ᠴᠠᠭ ᠢ ᠠᠮᠵᠢᠨ ᠲᠤᠭᠳᠠᠭᠠᠨ | ᠭᠡᠷᠡᠭᠵᠢᠬᠦᠯᠵᠦ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ | ᠴᠢᠩᠭᠠᠳᠬᠠᠨ᠂ ᠨᠡᠶᠢᠭᠡᠮ ᠤᠨ ᠵᠦᠷᠢᠴᠡᠯ ᠵᠠᠭᠤᠷᠠᠭᠠᠨ ᠢ ᠤᠯᠠᠨ ᠡᠰᠢᠴᠢᠯᠡᠨ ᠡᠶᠡᠳᠡᠬᠦᠯᠵᠤ ᠰᠢᠢᠳᠪᠤᠷᠢᠯᠡᠬᠦ | ᠲᠤᠭᠳᠠᠴᠠ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠠᠷᠠᠳ ᠤᠯᠠᠨ ᠤ ᠬᠠᠤᠯᠢᠵᠢᠯ ᠤᠨ ᠤᠬᠠᠮᠰᠠᠷ ᠪᠠ | ᠬᠠᠤᠯᠢᠵᠢᠯ ᠤᠨ ᠬᠡᠪ ᠪᠤᠯᠪᠠᠰᠤᠷᠠᠯ ᠢ ᠳᠠᠰᠤᠷᠠᠯᠳᠠ ᠦᠭᠡᠢ ᠴᠢᠩᠭᠠᠳᠬᠠᠬᠤ ᠭᠡᠷᠡᠭᠲᠡᠢ᠃ ᠬᠠᠤᠯᠢᠵᠢᠬᠰᠠᠨ | ᠬᠤᠳᠠᠯᠳᠤᠭ᠎ᠠ ᠡᠷᠭᠢᠯᠡᠬᠦ ᠤᠷᠴᠢᠨ ᠨᠦᠬᠦᠴᠡᠯ ᠢ ᠬᠦᠴᠦᠯᠡᠨ ᠪᠤᠢ ᠪᠤᠯᠭᠠᠵᠦ᠂ ᠡᠯ᠎ᠠ ᠲᠦᠷᠦᠯ ᠤᠨ ᠦᠮᠴᠢᠯᠡᠯ ᠤᠨ | ᠲᠦᠷᠢᠮᠳᠦ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠬ ᠢ ᠬᠠᠤᠯᠢ ᠶᠤᠰᠤᠭᠠᠷ ᠡᠷᠭᠡ ᠲᠡᠭᠰᠢ ᠬᠠᠮᠠᠭᠠᠯᠠᠵᠦ | ᠂ ᠠᠵᠤ ᠠᠬᠤᠢᠢᠯᠠᠯ ᠤᠨ ᠬᠢᠨ ᠤ ᠲᠤᠰᠬᠠᠯ ᠢᠶᠠᠷ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠬᠦᠯᠦᠨ | ᠲᠤᠰᠬᠠᠢ ᠴᠡᠭᠴᠡᠯᠡᠨ ᠵᠠᠰᠠᠬᠤ ᠪᠠ ᠶᠡᠷᠦᠩᠭᠡᠶᠢᠯᠡᠨ ᠵᠠᠰᠠᠬᠤ ᠠᠵᠢᠯ ᠢ ᠲᠦᠪᠯᠡᠷᠡᠬᠦᠯᠦᠨ ᠦᠷᠨᠢᠬᠦᠯᠵᠦ᠂ ᠬᠤᠳᠠᠯᠳᠤᠭ᠎ᠠ | ᠡᠷᠬᠢᠯᠡᠬᠦ ᠤᠷᠴᠢᠨ ᠨᠦᠬᠦᠴᠡᠯ ᠤᠨ ᠬᠠᠤᠯᠢᠵᠢᠯ ᠤᠨ ᠰᠢᠰᠲ᠋ᠧᠮ ᠢ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠵᠠᠬ᠎ᠠ | ᠳᠡᠯᠭᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠭᠡᠬᠦ ᠭᠡᠷᠡᠭᠲᠡᠢ᠃ ᠡᠯ᠎ᠠ | ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶ ᠶᠢᠨ ᠬᠢᠨ ᠨᠠᠮ ᠤᠨ ᠤᠳᠤᠷᠢᠳᠤᠯᠭ᠎ᠠ ᠶᠢ | ᠬᠠᠤᠯᠢᠵᠢᠯ ᠤᠨ ᠪᠠᠶᠢᠭᠤᠯᠤᠯᠳᠠ ᠶᠢᠨ ᠪᠦᠬᠦ ᠶᠠᠪᠤᠴᠠ ᠪᠠ ᠡᠯ᠎ᠠ ᠲᠠᠯ᠎ᠠ ᠳᠤ ᠢᠯᠡᠷᠡᠬᠦᠯᠬᠦ ᠶᠢ ᠴᠢᠩᠭᠠᠳᠬᠠᠵᠦ᠂ ᠡᠯ᠎ᠠ | ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ | ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠳᠤᠷ ᠬᠦᠢᠴᠡᠳᠭᠡᠨ᠂ ᠳᠡᠭᠡᠳᠦ | ᠲᠤᠤᠷᠠᠳᠦ ᠱᠠᠳᠤ ᠪᠠᠷ ᠢᠶᠠᠨ ᠨᠡᠪᠳᠡᠷᠡᠯᠴᠡᠭᠰᠡᠨ᠂ ᠭᠡᠷᠡᠭᠵᠢᠬᠦᠯᠦᠯᠳᠠ ᠴᠢᠩᠭ᠎ᠠ ᠬᠦᠴᠦᠳᠠᠢ ᠠᠵᠢᠯ ᠤᠨ ᠲᠤᠭᠳᠠᠴᠠ ᠶᠢ | ᠪᠦᠷᠢᠨᠰᠢᠬᠦᠯᠵᠦ᠂ ᠱᠠᠯᠠᠪᠳᠠᠭᠤᠯᠤᠨ ᠪᠠᠶᠢᠴᠠᠭᠠᠬᠤ ︽ᠬᠤᠷᠴᠠ ᠰᠡᠯᠡᠮ᠎ᠠ︾ ᠶᠢ ᠰᠠᠶᠢᠳᠤᠷ ᠠᠰᠢᠬᠯᠠᠨ᠂ ᠠᠵᠢᠯ ᠤᠨ | ᠨᠠᠶᠢᠳᠠᠪᠤᠷᠢᠵᠢᠭᠤᠯᠤᠯᠳᠠ ᠶᠢ ᠬᠦᠴᠦᠳᠠᠢ ᠠᠳᠬᠤᠵᠦ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠯ᠎ᠠ | ᠵᠦᠢᠯ ᠤᠨ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ | ᠬᠤᠷᠢᠶᠠᠨ ᠤ ᠭᠡᠰᠢᠬᠦᠨ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠾᠧᠩ | ᠰᠢᠶᠤᠤ ᠹᠠᠨ᠂ ᠸᠧᠢ ᠬᠦᠸᠧ ᠨᠠᠨ᠂ ᠶᠠᠩ ᠽᠦᠩ ᠷᠧᠨ᠂ ᠯᠢ ᠴᠢ ᠯᠢᠨ ᠨᠠᠷ ᠬᠤᠷᠠᠯ ᠳᠤ ᠤᠷᠤᠯᠴᠠᠵᠦ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ | ᠬᠤᠷᠢᠶᠠᠨ ᠤ ᠡᠯ᠎ᠠ ᠵᠤᠬᠢᠴᠠᠭᠤᠯᠬᠤ ᠲᠤᠭᠤᠢᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠨ᠂ ᠬᠤᠯᠪᠤᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃ |