ᠰᠢᠨ ᠯᠢᠨ ᠪᠠᠯᠭᠠᠰᠤᠨ ᠤ ᠯᠦ ᠱᠠᠨ ᠲᠦᠮᠡᠨ ᠲᠣᠯᠣᠭᠠᠶ ᠮᠢᠬᠠᠨ ᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2021/4/14
 
     4 ᠰᠠᠷ᠎ᠠ ᠶᠢᠨ 13 ᠤ ᠡᠳᠦᠷ᠂ ᠰᠢᠨ ᠯᠢᠨ ᠪᠠᠯᠭᠠᠰᠤᠨ ᠤ ᠯᠦ ᠱᠠᠨ ᠤ ᠲᠦᠮᠡᠨ ᠲᠣᠯᠣᠭᠠᠢ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠠᠵᠢᠯ ᠢᠶᠠᠨ ᠡᠬᠢᠯᠡᠭᠦᠯᠦᠨ ᠪᠥᠲᠥᠭᠡᠨ ᠪᠠᠶᠢᠭᠤᠯᠪᠠ᠃
    ᠲᠣᠰ ᠬᠦᠷᠢᠶᠡᠯᠡᠩ ᠲᠣᠭᠤᠷᠢᠭ ᠨᠢ ᠰᠢᠨ ᠯᠢᠨ ᠪᠠᠯᠭᠠᠰᠤ ᠶᠢᠨ ᠯᠦ ᠱᠠᠨ ᠲᠣᠰᠬᠤᠨ ᠳᠤ ᠪᠠᠶᠢᠷᠢᠯᠠᠵᠤ᠂ ᠲᠥᠷᠥᠯ ᠵᠦᠢᠯ ᠳᠤ ᠨᠡᠶᠢᠲᠡ1.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 500 ᠮᠥ ᠭᠠᠵᠠᠷ ᠡᠵᠡᠯᠡᠨ᠂ 28 ᠡᠷᠦᠬᠡ ᠲᠡᠵᠢᠭᠡᠨ ᠦᠷᠡᠵᠢᠭᠦᠯᠬᠦ ᠡᠷᠦᠬᠡ ᠰᠠᠭᠤᠷᠢᠰᠢᠬᠤ ᠪᠠᠷ ᠲᠥᠯᠥᠪᠯᠡᠵᠦ᠂ 5 ᠲᠦᠮᠡᠨ ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ᠂ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠢᠬᠠᠨ ᠤ ᠦᠬᠡᠷ 1 ᠲᠦᠮᠡ ᠨᠡᠮᠡᠭᠳᠡᠨ᠎ᠡ᠃
    ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠨᠢᠭᠡ ᠲᠠᠯ᠎ᠠ ᠪᠠᠷ᠂ ᠵᠢᠱᠢᠯᠲᠡ ᠪᠠᠷ ᠵᠢᠯ ᠪᠦᠷᠢ 8000 ᠦᠬᠡᠷ ᠪᠣᠷᠳᠣᠨ ᠲᠠᠷᠭᠤᠯᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠠᠯᠠᠰᠢᠨ ᠦᠬᠡᠷ ᠪᠦᠷᠢ ᠶᠢᠨ ᠴᠡᠪᠡᠷ ᠠᠰᠢᠭ ᠣᠷᠣᠯᠭ᠎ᠠ ᠨᠢ 3000 ᠲᠥᠭᠦᠷᠢᠭ ᠠᠴᠠ ᠳᠡᠭᠡᠭᠰᠢ ᠪᠣᠯᠤᠨ᠎ᠠ᠃ ᠨᠥᠭᠦᠭᠡ ᠲᠠᠯ᠎ᠠ ᠪᠠᠷ᠂ ᠰᠠᠭᠤᠭᠠᠯᠢ ᠠᠷᠠᠳ ᠤᠨ ᠲᠣᠭᠤᠷᠢᠭ ᠲᠤ 50 ᠠᠴᠠ ᠳᠡᠭᠡᠭᠰᠢ ᠬᠥᠮᠦᠨ ᠢ ᠰᠢᠭᠤᠳ ᠳᠦᠪᠬᠢᠨᠡᠭᠦᠯᠦᠨ ᠠᠵᠢᠯ ᠣᠯᠭᠤᠵᠤ᠂ ᠬᠥᠮᠦᠨ ᠳᠤᠮᠳᠠᠴᠢ ᠶᠢᠨ ᠣᠷᠣᠯᠭ᠎ᠠ ᠨᠢ1.5 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠨ᠎ᠡ᠃ ᠡᠭᠦᠨ ᠤ ᠬᠠᠮᠲᠤ᠂ ᠲᠡᠵᠢᠭᠡᠨ ᠦᠷᠡᠵᠢᠭᠦᠯᠬᠦ ᠡᠷᠦᠬᠡ ᠪᠣᠯᠤᠨ ᠶᠠᠳᠠᠭᠤ ᠬᠦᠴᠢᠷᠳᠡᠯᠲᠡᠶ ᠡᠷᠦᠬᠡ ᠲᠡᠵᠢᠭᠡᠯ ᠡᠪᠡᠰᠦ ᠳᠠᠷᠢᠬᠤ ᠠᠰᠢᠭ ᠲᠤᠰᠠ ᠶᠢ ᠬᠤᠯᠪᠣᠬᠤ ᠵᠠᠭᠪᠤᠷ ᠪᠠᠶᠢᠭᠤᠯᠵᠤ᠂ ᠵᠢᠯ ᠳᠤ 5000 ᠮᠥ ᠠᠴᠠ ᠳᠡᠭᠡᠭᠰᠢ ᠬᠥᠬᠡ ᠳᠠᠷᠤᠰᠢ ᠶᠢᠨ ᠡᠷᠳᠡᠨᠢ ᠰᠢᠰᠢ ᠳᠠᠷᠢᠵᠤ᠂ ᠮᠥ ᠪᠦᠷᠢ ᠶᠢᠨ ᠳᠤᠮᠳᠠᠴᠢ ᠣᠷᠣᠯᠭ᠎ᠠ ᠶᠢ 1000 ᠲᠥᠭᠦᠷᠢᠭ ᠠᠴᠠ ᠳᠡᠭᠡᠭᠰᠢ  ᠨᠡᠮᠡᠭᠳᠡᠭᠦᠯᠦᠨ᠎ᠡ᠃
    ᠣᠶᠢᠷ᠎ᠠ ᠶᠢᠨ ᠵᠢᠯ ᠳᠤ᠂ ᠰᠢᠨ ᠯᠢᠨ ᠪᠠᠯᠭᠠᠰᠤ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ︽ᠨᠣᠭᠤᠭ᠎ᠠ ᠵᠢᠮᠢᠰ ᠡᠮ ᠦᠬᠡᠷ︾ ᠳᠥᠷᠪᠡᠨ ᠶᠡᠭᠡ ᠭᠤᠤᠯᠯᠠᠬᠤ ᠠᠵᠤ  ᠦᠢᠯᠡᠰ ᠤᠨ ᠲᠣᠭᠤᠷᠢᠨ ᠳᠤ᠂ ᠰᠢᠨ ᠯᠢᠨ ᠪᠠᠯᠭᠠᠰᠤ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ᠬᠦᠷᠢᠶᠡᠯᠡᠩ ᠲᠣᠭᠤᠷᠢᠭ ᠪᠠᠶᠢᠭᠤᠯᠬᠤ᠂ ᠲᠣᠮᠣ ᠡᠷᠦᠬᠡ ᠶᠢ ᠠᠳᠬᠤᠬᠤ᠂ ᠲᠠᠷᠢᠶᠠᠴᠢᠨ ᠡᠷᠦᠬᠡ ᠶᠢ ᠳᠠᠶᠢᠴᠢᠯᠠᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ︽ᠪᠠᠭ᠎ᠠ ᠬᠡᠪᠴᠢᠶ᠎ᠡ᠂ ᠲᠣᠮᠣ ᠪᠦᠯᠦᠭᠯᠡᠯ︾ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠠ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ ᠢ ᠶᠡᠭᠡ ᠪᠠᠷ ᠬᠥᠭᠵᠢᠭᠦᠯᠵᠦ᠂ ᠪᠥᠬᠦ ᠪᠠᠯᠭᠠᠰᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠣᠳᠣᠬᠠᠨ ᠳᠤ᠂ ᠲᠦᠮᠡᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 2 ᠪᠠᠶᠢᠭᠤᠯᠵᠤ᠂ ᠪᠥᠬᠦ ᠪᠠᠯᠭᠠᠰᠤᠨ ᠤ ᠠᠯᠠᠰᠢᠨ ᠦᠬᠡᠷ ᠤᠨ ᠲᠤᠭ᠎ᠠ 2.5 ᠲᠦᠮᠡ ᠭᠠᠷᠤᠶ ᠳᠤ ᠬᠦᠷᠴᠡᠶ᠃
 
ᠢᠷᠡᠯᠲᠡ᠄ ᠰᠢᠨ ᠯᠢᠨ ᠪᠠᠯᠭᠠᠰᠣᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号