ᠥᠪᠥᠷ ᠮᠣᠩᠭᠤᠯ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ ᠪᠣᠶ
ᠨᠡᠶᠢᠲᠡᠯᠡᠭᠰᠡᠨ ᠴᠠᠭ᠄
2021/4/14
     ᠣᠶᠢᠷ᠎ᠠ ᠳᠤ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠡᠯ᠎ᠡ ᠠᠶᠢᠮᠠᠭ ᠬᠤᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠦᠳᠲᠡᠷ ᠲᠦᠷᠭᠡᠨ ᠬᠥᠳᠡᠯᠦᠯᠴᠡᠨ᠂ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠪᠣᠳᠠᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠪᠠᠶᠢᠷᠢᠯᠠᠭᠤᠯᠵᠤ᠂ ᠪᠥᠬᠦ ᠣᠷᠣᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠪᠠ᠃     ᠤᠯᠤᠰ ᠲᠦᠷᠦ ᠶᠢᠨ ᠵᠣᠭᠰᠣᠴᠠ ᠪᠠᠨ ᠦᠨᠳᠦᠷᠵᠢᠭᠦᠯᠵᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠡᠢ     ᠡᠯ᠎ᠡ ᠠᠶᠢᠮᠠᠭ ᠬᠤᠲᠠ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠳ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠤᠨ ᠲᠠᠷᠠᠭᠠᠴᠢ ᠶᠢᠨ ᠱᠠᠲᠤᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠵᠢᠯᠣᠭᠤᠳᠬᠤ ᠳᠤ ᠦᠵᠡᠭᠦᠯᠬᠦ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠡᠢ᠃     ᠰᠢᠯᠢ ᠶᠢᠨ ᠭᠤᠤᠯ ᠠᠶᠢᠮᠠᠭ᠂ ᠲᠦᠩᠯᠢᠶᠣᠤ ᠬᠤᠲᠠ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠥᠮᠦᠵᠢᠯ ᠴᠡᠭᠴᠡᠯᠡᠯᠲᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠡᠮᠦᠨᠡᠬᠢ ᠨᠢᠭᠡ ᠱᠠᠲᠤᠨ ᠤ ᠬᠥᠮᠦᠵᠢᠯ ᠴᠡᠭᠴᠡᠯᠡᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠪᠡ᠃ ᠠᠶᠢᠮᠠᠭ ᠬᠤᠲᠠ ᠳᠤ ᠰᠠᠭᠤᠭ᠎ᠠ ᠵᠢᠯᠣᠭᠤᠳᠬᠤ ᠳᠤᠭᠤᠶᠢᠯᠠᠩ ᠬᠤᠷᠠᠯ ᠳᠤ ᠣᠷᠤᠯᠴᠠᠭᠰᠠᠨ ᠪᠦᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃     ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ ᠢᠳᠡᠪᠬᠢᠲᠡᠢ ᠬᠥᠳᠡᠯᠦᠯᠴᠡᠵᠦ᠂ ᠲᠤᠰᠬᠠᠢ ᠰᠡᠳᠦᠪᠲᠦ ᠠᠵᠢᠯ ᠤᠨ ᠬᠤᠷᠠᠯ ᠬᠤᠷᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ︽ᠪᠤᠴᠠᠵᠤ ᠪᠠᠶᠢᠴᠠᠭᠠᠨ ᠦᠵᠡᠬᠦ︾ ᠶᠢ ᠯᠠᠪᠳᠠᠭᠤᠨ ᠪᠠᠲᠤᠲᠠᠢ ᠥᠷᠨᠢᠭᠦᠯᠬᠦ᠂ ᠬᠥᠮᠦᠵᠢᠯ ᠴᠡᠭᠴᠡᠯᠡᠯᠲᠡ ᠶᠢᠨ ᠰᠦᠪᠡᠭᠴᠢ ᠶᠢ ᠰᠢᠢᠳᠪᠦᠷᠢᠯᠡᠬᠦ ᠠᠵᠢᠯ ᠪᠣᠯᠤᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠲᠠᠬᠢᠨ ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠤᠨ᠂ ᠲᠠᠬᠢᠨ ᠴᠢᠬᠤᠯᠠᠴᠢᠯᠠᠪᠠ᠃     ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ᠂ ᠠᠯᠠᠱᠠ ᠠᠶᠢᠮᠠᠭ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠦᠭᠡᠳ ᠡᠯ᠎ᠡ ᠨᠢᠭᠡᠴᠢ ᠳᠤ ᠠᠶᠢᠮᠠᠭ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠤᠷᠤᠯᠴᠠᠯᠭ᠎ᠠ ᠪᠠ ᠳᠠᠮᠵᠢᠭᠤᠯᠤᠨ ᠲᠠᠷᠬᠠᠭᠠᠬᠤ ᠠᠵᠢᠯ ᠢ ᠰᠠᠶᠢᠲᠤᠷ ᠬᠢᠬᠦ ᠶᠢ ᠤᠯᠠᠮ ᠨᠢᠭᠡ ᠠᠯᠬᠤᠮ ᠱᠠᠭᠠᠷᠳᠠᠭᠰᠠᠨ ᠤ ᠬᠠᠮᠲᠤ ᠠᠶᠢᠮᠠᠭ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠠᠬᠢᠭᠤᠯᠬᠤ ᠬᠤᠷᠠᠯ ᠢ ᠢᠳᠡᠪᠬᠢᠲᠡᠶ ᠪᠡᠯᠡᠳᠬᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠠᠵᠢᠯ ᠤᠨ ᠪᠠᠶᠢᠳᠠᠯ ᠢ ᠳ᠋ᠦᠩᠨᠡᠵᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠴᠠᠭ ᠲᠤᠬᠠᠶ ᠳᠤᠨᠢ ᠲᠥᠯᠥᠪᠵᠢᠭᠦᠯᠦᠨ ᠪᠠᠶᠢᠷᠢᠯᠠᠭᠤᠯᠵᠤ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠡᠢ     ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠠᠵᠢᠯ ᠢ ᠭᠦᠨᠵᠡᠭᠡᠶ ᠠᠬᠢᠭᠤᠯᠬᠤ ᠶᠢᠨ ᠲᠤᠰᠠᠳᠠ᠂ ᠡᠯ᠎ᠡ ᠠᠶᠢᠮᠠᠭ ᠬᠤᠲᠠ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠷᠴᠢᠮᠲᠡᠢ ᠠᠷᠭ᠎ᠠ ᠬᠡᠮᠵᠢᠶ᠎ᠡ ᠠᠪᠴᠤ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠡᠢ᠃     ᠬᠥᠬᠡᠬᠤᠲᠠ ᠶᠢᠨ ᠬᠢᠨ ᠦᠵᠡᠯ ᠰᠠᠨᠠᠭ᠎ᠠ ᠪᠠᠷ ᠳᠠᠶᠢᠴᠢᠯᠠᠬᠤ᠂ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ᠂ ᠰᠦᠪᠡᠭᠴᠢ ᠶᠢ ᠴᠤᠭᠯᠠᠭᠤᠯᠵᠤ ᠬᠢᠨᠠᠨ ᠪᠠᠶᠢᠴᠠᠭᠠᠬᠤ᠂ ᠲᠤᠰᠬᠠᠢ ᠴᠡᠭᠴᠡᠯᠡᠨ ᠵᠠᠰᠠᠬᠤ᠂ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠵᠡᠷᠭᠡ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠳᠤ ᠪᠦᠬᠦ ᠲᠠᠯ᠎ᠠ ᠶᠢᠨ ᠶᠡᠭᠡ ᠪᠠᠶᠢᠴᠠᠭᠠᠯᠲᠠ ᠬᠢᠵᠦ᠂ ︽ᠬᠤᠶᠠᠷ ᠨᠢᠭᠤᠷᠲᠠᠨ︾ ᠪᠠ ︽ᠬᠠᠮᠠᠭᠠᠯᠠᠭᠴᠢ ᠰᠢᠬᠦᠷ︾ ᠲᠤ ᠢᠯᠳᠠᠷ ᠬᠠᠶᠠᠬᠤ ᠦᠭᠡᠶ᠂ ︽ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠢᠯᠵᠢᠷᠡᠯ︾ ᠪᠠ ︽ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠨᠠᠭ᠎ᠠ ᠪᠠᠨ ᠬᠤᠷᠢᠶᠠᠬᠤ ᠥᠬᠡᠶ ᠭᠠᠷ ᠢᠶᠠᠨ ᠲᠠᠲᠠᠬᠤ ᠥᠬᠡᠶ︾ ᠦᠢᠯᠡ ᠠᠵᠢᠯᠯᠠᠭ᠎ᠠ ᠳᠤ ᠢᠯᠳᠠᠷ ᠬᠠᠶᠠᠬᠤ ᠥᠬᠡᠶ ᠪᠠᠶᠢᠵᠤ᠂ ᠴᠡᠭᠴᠡᠯᠡᠬᠦ ᠶᠢᠨ ᠳᠠᠭᠠᠤ ᠪᠠᠶᠢᠭᠤᠯᠬᠤ ᠶᠢ ᠪᠠᠷᠢᠮᠲᠠᠯᠠᠨ᠂ ᠣᠯᠠᠨ ᠲᠦᠮᠡᠨ ᠤ ᠲᠤᠰᠬᠠᠯ ᠴᠢᠩᠭ᠎ᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠠᠯ᠎ᠠ ᠪᠠᠷ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠨᠥᠯᠥᠭᠡᠯᠡᠵᠦ ᠪᠠᠶᠢᠭ᠎ᠠ ᠣᠯᠠᠨ ᠡᠭᠦᠰᠬᠦ ᠴᠢᠨᠠᠷᠲᠠᠶ᠂ ᠮᠤᠵᠢᠭᠤᠳᠠ ᠴᠢᠨᠠᠷᠲᠠᠶ᠂ ᠨᠡᠶᠢᠲᠡᠯᠢᠭ ᠴᠢᠨᠠᠷᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠭᠰᠢᠨ ᠡᠮ ᠢᠶᠠᠷ ᠡᠪᠡᠳᠴᠢᠨ ᠵᠠᠰᠠᠬᠤ ᠪᠠ ᠡᠬᠢ ᠡᠭᠦᠰᠦᠯ ᠢ ᠨᠢ ᠠᠳᠬᠤᠵᠤ ᠦᠨᠳᠦᠰᠦ ᠠᠴᠠ ᠨᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠣᠷᠣᠨ ᠤ ᠲᠥᠪ ᠬᠤᠲᠠ ᠶᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠠᠯ᠎ᠠ ᠪᠠᠷ ᠲᠥᠪ ᠭᠤᠤᠯᠴᠢ ᠪᠠᠶᠢᠬᠤ ᠶᠢ ᠣᠷᠳᠣ ᠬᠤᠭᠤᠴᠠᠭ᠎ᠠ ᠪᠠᠷ ᠨᠥᠯᠥᠭᠡᠯᠡᠨ ᠬᠢᠵᠠᠭᠠᠷᠯᠠᠵᠤ ᠪᠠᠶᠢᠭᠰᠠᠨ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃     ᠰᠢᠯᠢ ᠶᠢᠨ ᠭᠤᠤᠯ ᠠᠶᠢᠮᠠᠭ ᠠᠵᠢᠯ ᠤᠨ ᠪᠠᠶᠢᠭᠤᠯᠤᠮᠵᠢ ᠪᠠᠨ ᠪᠦᠷᠢᠨᠰᠢᠭᠦᠯᠵᠦ᠂ ᠠᠵᠢᠯᠲᠠᠨ ᠤ ᠡᠩᠨᠡᠭᠡ ᠪᠠᠨ ᠴᠠᠭ ᠲᠤᠬᠠᠶ ᠳᠤ ᠨᠢ ᠳᠣᠭᠢᠷᠠᠭᠤᠯᠤᠨ ᠨᠥᠬᠦᠪᠥᠷᠢᠯᠡᠵᠦ᠂ ᠠᠵᠢᠯ ᠤᠨ ᠭᠤᠤᠯᠯᠠᠭᠴᠢ ᠬᠦᠴᠦᠨ ᠢ ᠰᠢᠯᠵᠢᠭᠦᠯᠦᠨ ᠲᠥᠪ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠳᠤᠭᠤᠶᠢᠯᠠᠩ ᠤᠨ ᠠᠶᠢᠮᠠᠭ ᠬᠤᠲᠠ ᠳᠤ ᠪᠠᠭᠤᠵᠤ ᠠᠵᠢᠯᠯᠠᠬᠤ ᠶᠢ ᠬᠠᠮᠵᠢᠬᠤ ᠲᠤᠰᠬᠠᠶ ᠠᠩᠭᠢ ᠶᠢ ᠪᠠᠶᠢᠭᠤᠯᠤᠨ᠂ ᠠᠯᠳᠠᠰᠢ ᠣᠰᠣᠯ ᠢᠶᠠᠨ ᠴᠠᠭ ᠲᠤᠬᠠᠶ ᠳᠤ ᠨᠢ ᠪᠠᠶᠢᠴᠠᠭᠠᠨ ᠨᠥᠬᠦᠪᠥᠷᠢᠯᠡᠵᠦ᠂ ᠬᠦᠮᠦᠵᠢᠯ ᠴᠡᠭᠴᠡᠯᠡᠯᠲᠡ ᠶᠢᠨ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠦ ᠪᠠᠶᠢᠨ᠎ᠠ᠃     ᠲᠦᠩᠯᠢᠶᠣᠤ ᠬᠤᠲᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ︽ᠥᠪᠡᠰᠦᠪᠡᠨ ᠪᠠᠶᠢᠴᠠᠭᠠᠪᠠᠯ ᠠᠭᠤᠴᠢᠯᠠᠬᠤ᠂ ᠪᠠᠶᠢᠴᠠᠭᠠᠭᠳᠠᠪᠠᠯ ᠴᠢᠩᠭ᠎ᠠ ᠰᠢᠳᠬᠡᠬᠦ︾ ᠠᠰᠠᠭᠤᠳᠠᠯ ᠢ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ ᠳᠤ ᠤᠯᠠᠮ ᠨᠢᠭᠡ ᠠᠯᠬᠤᠮ ᠲᠠᠶᠢᠯᠤᠮᠵᠢ ᠬᠢᠵᠦ᠂ ︽ᠲᠦᠩᠯᠢᠶᠣᠤ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠬᠠᠭ ᠬᠡᠮ ᠢ ᠲᠤᠰᠬᠠᠶ ᠴᠡᠭᠴᠡᠯᠡᠨ ᠵᠠᠰᠠᠬᠤ ᠲᠥᠰᠦᠯ︾ ᠢ ᠰᠤᠳᠤᠯᠤᠨ ᠲᠤᠭᠤᠷᠪᠢᠪᠠ᠃     ᠤᠷᠳᠤᠰ ᠬᠤᠳᠠ᠂ ᠪᠠᠶᠠᠨᠨᠠᠭᠤᠷ ᠬᠤᠳᠠ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠢ ᠡᠬᠢᠯᠡᠭᠦᠯᠵᠦ᠂ ᠳᠠᠰᠤᠷᠠᠯᠳᠠ ᠦᠬᠡᠢ ᠠᠬᠢᠭᠤᠯᠬᠤ ᠶᠢ ᠪᠠᠲᠤᠯᠠᠵᠤ ᠪᠠᠶᠢᠨ᠎ᠠ᠃     ᠬᠢᠩᠭᠠᠨ ᠠᠶᠢᠮᠠᠭ ᠪᠦᠬᠦᠯᠢ ᠴᠣᠭᠴᠠ ᠪᠠᠷ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠤᠶᠠᠯᠳᠤᠭᠤᠯᠬᠤ᠂ ᠣᠳᠣᠬᠠᠨ ᠤ ᠪᠠ ᠠᠯᠤᠰ ᠢᠷᠡᠭᠡᠳᠦᠢ ᠶᠢ ᠪᠣᠳᠣᠯᠬᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠬᠢᠭᠡᠳ ᠰᠤᠷᠤᠯᠴᠠᠯᠭ᠎ᠠ ᠬᠥᠮᠦᠵᠢᠯ ᠢ ᠴᠢᠩᠭᠠᠳᠬᠠᠨ᠂ ᠡᠮᠦᠨ᠎ᠡ ᠬᠤᠶᠢᠨᠠᠬᠢ ᠬᠤᠶᠠᠷ ᠭᠤᠭᠴᠤᠭ᠎ᠠ ᠶᠢᠨ ᠰᠢᠰᠲ᠋ᠧᠮ ᠲᠠᠢ ᠪᠠᠷ ᠬᠤᠯᠪᠣᠭᠠᠯᠠᠨ ᠬᠥᠳᠡᠯᠦᠯᠴᠡᠬᠦ ᠶᠢ ᠳ᠋ᠦᠩᠨᠡᠨ ᠳᠡᠭᠡᠭᠰᠢᠯᠡᠭᠦᠯᠵᠦ᠂ ᠮᠥᠷᠳᠡᠵᠦ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠨ᠂ ᠬᠦᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号