ᠯᠢᠨᠰᠢ ᠰᠢᠶᠠᠨ ᠤ ᠶᠡᠷᠥᠩᠬᠡᠢ ᠪᠡᠯᠡ ᠣᠷᠣᠭᠤᠯᠣᠯᠲᠠ ᠨᠢ 4.9 ᠳ᠋ᠦᠩᠰᠢᠭᠤᠷ ᠲᠥᠭᠦᠷᠢᠭ ᠬᠦᠷᠦᠭᠰᠡᠨ ᠵᠢᠦ ᠿᠢ ᠰᠢᠨ᠎ᠡ ᠮᠠᠲ᠋ᠧᠷᠢᠶᠠᠯ ᠤᠨ ᠭᠡᠷᠡᠯ ᠡᠭᠦᠰᠭᠡᠭᠴᠢ ᠵᠢᠴᠢ ᠵᠠᠪᠰᠠᠷ ᠤᠨ ᠴᠣᠭᠴᠠ ᠶᠢᠨ ᠲᠥᠷᠥᠯ ᠵᠦᠢᠯ ᠢ ᠲᠦᠷᠭᠡᠨ ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2021/4/14
     ᠲᠣᠰ ᠲᠥᠷᠥᠯ ᠵᠦᠢᠯ ᠳᠤ ᠨᠡᠶᠢᠲᠡ4.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 234 ᠮᠥ ᠭᠠᠵᠠᠷ ᠬᠡᠷᠡᠭᠯᠡᠬᠦ ᠪᠠᠷ ᠲᠥᠯᠥᠪᠯᠡᠵᠦ᠂ ᠵᠢᠯ ᠳᠤ 9250 ᠲᠣᠨ ᠴᠤᠪᠤᠷᠠᠯ ᠬᠡᠷᠡᠯ ᠡᠭᠦᠰᠭᠡᠭᠴᠢ ᠦᠢᠯᠡᠳᠪᠦᠷᠢᠯᠡᠬᠦ ᠱᠤᠭᠤᠮ ᠵᠢᠴᠢ ᠢᠵᠢ ᠪᠥᠷᠢᠳᠦᠭᠦᠯᠬᠦ ᠳᠠᠭᠠᠯᠲᠠ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠣᠳᠣᠬᠠᠨ ᠪᠣᠯᠲᠠᠯ᠎ᠠ᠂ 20 ᠰᠠᠭᠤᠷᠢ ᠦᠢᠯᠡᠳᠪᠦᠷᠢ ᠶᠢᠨ ᠬᠡᠷ ᠤᠨ 18 ᠨᠢ ᠨᠢᠭᠡᠨᠲᠡ ᠭᠤᠤᠯ ᠴᠣᠭᠴᠠ ᠶᠢᠨ ᠪᠠᠷᠢᠯᠭ᠎ᠠ ᠪᠠᠨ ᠳᠠᠭᠤᠰᠬᠠᠵᠤ᠂ ᠣᠲᠣ ᠶᠠᠭ ᠳᠣᠲᠣᠭᠠᠳᠤ ᠶᠢᠨ ᠵᠠᠰᠠᠯ ᠴᠢᠮᠡᠭᠯᠡᠯ ᠵᠢᠴᠢ ᠲᠥᠬᠦᠭᠡᠷᠦᠮᠵᠢ ᠪᠠᠨ ᠤᠭᠰᠠᠷᠠᠵᠤ᠂ 7 ᠰᠠᠷ᠎ᠠ ᠳᠤ ᠲᠤᠷᠰᠢᠨ ᠦᠢᠯᠡᠳᠪᠦᠷᠢᠯᠡᠬᠦ ᠪᠠᠷ ᠲᠥᠯᠥᠪᠯᠡᠵᠦ᠂ ᠵᠢᠯ ᠤᠨ ᠰᠡᠭᠦᠯᠴᠢ ᠠᠴᠠ ᠡᠮᠦᠨ᠎ᠡ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠳᠤ 8 ᠳ᠋ᠦᠩᠰᠢᠭᠤᠷ ᠲᠥᠭᠦᠷᠢᠭ ᠤᠨ  ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠰᠢᠭ ᠭᠠᠶᠢᠯᠢ 2 ᠳ᠋ᠦᠩᠰᠢᠭᠤᠷ ᠲᠥᠭᠦᠷᠢᠭ ᠲᠤ ᠬᠦᠷᠴᠦ᠂ 300 ᠬᠥᠮᠦᠨ ᠢ ᠲᠥᠪᠬᠢᠨᠡᠭᠦᠯᠦᠨ ᠠᠵᠢᠯ ᠣᠯᠭᠤᠨ᠎ᠠ᠃ ᠲᠣᠰ ᠲᠥᠷᠥᠯ ᠵᠦᠢᠯ ᠤᠨ ᠬᠡᠷᠡᠭᠵᠢᠭᠦᠯᠦᠯᠲᠡ ᠨᠢ ᠥᠪᠥᠷ ᠮᠣᠩᠭᠤᠯ ᠣᠷᠣᠨ ᠤ ᠬᠡᠷᠡᠯ ᠭᠥᠯᠢᠭᠡᠷ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠠᠵᠤ ᠦᠢᠯᠡᠰ ᠤᠨ ᠬᠤᠭᠤᠰᠣᠨ ᠢ ᠪᠦᠲᠦᠮᠵᠢᠲᠡᠶ ᠨᠥᠬᠦᠪᠥᠷᠢᠯᠡᠵᠦ᠂ ᠯᠢᠨᠰᠢ ᠰᠢᠶᠠᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠪᠠᠯᠠ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号