ᠯᠢᠨᠰᠢ ᠰᠢᠶᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠥᠯᠥᠪᠵᠢᠭᠦᠯᠦᠨ ᠠᠬᠢᠭᠤᠯᠪᠠ
ᠨᠡᠶᠢᠲᠡᠯᠡᠭᠰᠡᠨ ᠴᠠᠭ᠄
2021/4/15
      ᠯᠢᠨᠰᠢ ᠰᠢᠶᠠᠨ ᠳᠡᠭᠡᠭᠰᠢ ᠮᠡᠳᠡᠭᠦᠯᠦᠭᠰᠡᠨ 2021 ᠣᠨ ᠤ ᠰᠠᠨᠠᠭᠤᠯᠭ᠎ᠠ ᠶᠣᠰᠣᠭᠠᠷ᠂ 15 ᠵᠤᠷᠪᠤᠰ 60.6 ᠺᠢᠯᠣᠮᠧᠲᠷ ᠪᠠᠶᠢᠭᠠᠯᠢ ᠶᠢᠨ ᠲᠣᠰᠬᠤᠨ ᠳᠤ ᠱᠦᠶ᠋ᠨᠢ ᠵᠠᠮ ᠨᠡᠪᠲᠡᠷᠡᠭᠦᠯᠬᠦ ᠪᠠᠷ ᠲᠥᠯᠥᠪᠯᠡᠵᠦ᠂ ᠵᠢᠱᠢᠯᠲᠡ ᠪᠠᠷ 5454 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ︔ ᠪᠠᠶᠢᠭᠤᠯᠤᠯᠳᠤ ᠲᠣᠰᠬᠤᠨ ᠳᠤ ᠬᠤᠤᠰ ᠴᠢᠭᠯᠡᠯᠲᠦ 8 ᠵᠤᠷᠪᠤᠰ132.3 ᠺᠢᠯᠣᠮᠧᠲᠷ ᠵᠠᠰᠠᠮᠠᠯ ᠵᠠᠮ ᠨᠡᠪᠲᠡᠷᠡᠭᠦᠯᠬᠦ ᠢ ᠬᠡᠷᠡᠭᠵᠢᠭᠦᠯᠵᠦ᠂ 1.19 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠣᠨ᠎ᠠ︔ ᠲᠣᠰᠬᠤᠨ ᠤ ᠬᠤᠭᠤᠷᠣᠨᠳᠣᠬᠢ ᠵᠠᠯᠭᠠᠬᠤ ᠵᠠᠮ ᠢ 4 ᠺᠢᠯᠣᠮᠧᠲᠷ ᠣᠷᠴᠢᠮ ᠪᠠᠶᠢᠭᠤᠯᠵᠤ᠂ 200 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠵᠠᠮ ᠪᠠᠶᠢᠭᠤᠯᠤᠭᠳᠠᠭᠰᠠᠨ ᠤ ᠳᠠᠷᠠᠭ᠎ᠠ᠂ ᠯᠢᠨᠰᠢ ᠰᠢᠶᠠᠨ ᠤ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠮ ᠬᠠᠷᠢᠯᠴᠠᠭᠠᠨ ᠤ ᠬᠦᠴᠦᠨ ᠨᠡᠮᠡᠷᠢᠯᠡᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号