ᠯᠢᠨᠰᠢ ᠰᠢᠶᠠᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2021/4/15
     ᠪᠥᠬᠦ ᠰᠢᠶᠠᠨ ᠤ 132 ᠵᠦᠢᠯ ᠤᠨ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠴᠥᠮ ᠶᠡᠷᠦᠩᠬᠡᠶᠢᠯᠡᠭᠰᠡᠨ ᠯᠠᠩᠭᠦᠶ ᠶᠢᠨ ᠲᠦᠷᠢᠮ ᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ᠂ ᠠᠵᠢᠯ ᠠᠴᠠ ᠪᠣᠯᠤᠭᠰᠠᠨ ᠭᠡᠮᠲᠦᠯ ᠤᠨ ᠬᠠᠷᠠᠭᠠᠯᠵᠠᠯ ᠢ ᠬᠠᠷᠭᠤᠭᠤᠯᠤᠨ ᠣᠯᠭᠤᠬᠤ ᠵᠡᠷᠭᠡ ᠴᠠᠭ ᠵᠠᠷᠣᠴᠠᠭᠤᠯᠵᠣ ᠬᠦᠴᠦ ᠪᠠᠷᠠᠬᠤ ᠲᠥᠷᠥᠯ ᠵᠦᠢᠯ ᠢ ᠰᠦᠯᠵᠢᠶᠡᠨ ᠳᠡᠭᠡᠷ᠎ᠡ ᠰᠢᠭᠤᠳ  ᠭᠦᠢᠴᠡᠳᠭᠡᠬᠦ ᠶᠢ ᠪᠡᠶᠡᠯᠡᠭᠦᠯᠵᠦ᠂ 25 ᠬᠤᠪᠢ ᠭᠡᠷᠡᠴᠢ ᠦᠨᠡᠮᠯᠡᠯ ᠢ ᠬᠦᠴᠦᠨ ᠥᠬᠡᠶ ᠪᠣᠯᠭᠠᠵᠤ᠂ 30 ᠵᠦᠢᠯ ᠤᠨ ᠭᠤᠭᠴᠤᠭ᠎ᠠ ᠶᠢ ᠴᠥᠭᠡᠳᠬᠡᠵᠦ᠂ 20 ᠵᠦᠢᠯ ᠤᠨ ᠬᠦᠰᠦᠨᠦᠭᠲᠦ ᠲᠠᠭᠯᠠᠬᠤ ᠶᠢ ᠬᠦᠴᠦᠨ ᠥᠬᠡᠶ ᠪᠣᠯᠭᠠᠵᠤ᠂ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠨᠢᠭᠡ ᠯᠡ ᠡᠭᠦᠳᠡ ᠪᠠᠷ ᠣᠷᠣᠭᠤᠯᠬᠤ︾᠂ ᠰᠢᠶᠠᠩ ᠪᠠᠯᠭᠠᠰᠤᠨ ᠳᠤ ᠳᠠᠭᠠᠳᠬᠠᠯ ᠭᠦᠢᠴᠡᠳᠭᠡᠬᠦ ᠳᠤ ︽ᠭᠦᠶᠦᠬᠦ ᠬᠡᠷᠡᠭ ᠥᠬᠡᠶ︾ ᠬᠠᠷᠠᠯᠲᠠ ᠶᠢ ᠪᠡᠶᠡᠯᠡᠭᠦᠯᠪᠡ᠃ 2021 ᠣᠨ ᠳᠤ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠠᠰᠤᠵᠤ ᠬᠡᠯᠲᠦᠷᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ 1575 ᠲᠦᠮᠡᠨ ᠲᠥᠭᠦᠷᠢᠭ ᠠᠴᠠ ᠳᠡᠭᠡᠭᠰᠢ ᠪᠣᠯᠭᠠᠬᠤ ᠪᠠᠷ ᠲᠥᠯᠥᠪᠯᠡᠵᠦ ᠪᠣᠶ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号