ᠯᠢᠨᠰᠢ ᠰᠢᠶᠠᠨ ᠠᠵᠤ ᠦᠢᠯᠡᠳᠪᠦᠷᠢ ᠶᠢᠨ ᠲᠣᠭᠤᠷᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠦᠨᠡᠯᠡᠯᠲᠡ ᠶᠢᠨ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2021/4/15
     ᠣᠶᠢᠷ᠎ᠠ ᠳᠤ᠂ ᠯᠢᠨᠰᠢ ᠰᠢᠶᠠᠨ ᠠᠵᠤ ᠦᠢᠯᠡᠳᠪᠦᠷᠢ ᠶᠢᠨ ᠲᠣᠭᠤᠷᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠦᠨᠡᠯᠡᠯᠲᠡ ᠶᠢᠨ ᠠᠵᠢᠯ ᠢ ᠡᠬᠢᠯᠡᠭᠦᠯᠪᠡ᠂ ᠬᠦᠷᠢᠶᠡᠯᠡᠩ ᠲᠣᠭᠤᠷᠢᠭ ᠲᠠᠬᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠡᠨᠧᠷᠭᠢ ᠠᠷᠪᠢᠯᠠᠬᠤ ᠦᠨᠡᠯᠡᠯᠲᠡ᠂ ᠭᠠᠵᠠᠷ ᠬᠥᠳᠡᠯᠦᠯᠲᠡ ᠶᠢᠨ ᠠᠶᠤᠯᠭᠦᠶ ᠴᠢᠨᠠᠷ ᠤᠨ ᠦᠨᠡᠯᠡᠯᠲᠡ᠂ ᠭᠠᠵᠠᠷ ᠤᠨ ᠭᠠᠮᠰᠢᠭ ᠤᠨ ᠠᠶᠤᠯᠲᠤ ᠴᠢᠨᠠᠷ ᠤᠨ ᠦᠨᠡᠯᠡᠯᠲᠡ᠂ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠦᠨᠡᠯᠡᠨ ᠵᠢᠱᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠦᠨᠡᠯᠡᠨ ᠵᠢᠱᠢᠬᠦ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠨᠤᠲᠠᠯᠠᠯᠲᠠ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠵᠡᠷᠭᠡ 9 ᠵᠦᠢᠯ ᠤᠨ ᠨᠤᠲᠠᠯᠠᠯᠲᠠ ᠳᠤ ᠨᠢᠭᠡᠳᠦᠯᠲᠡᠶ ᠦᠨᠡᠯᠡᠯᠲᠡ ᠵᠢᠱᠢᠯᠲᠡ ᠬᠢᠨ᠎ᠠ᠂ ᠲᠤᠬᠠᠶ ᠶᠢᠨ ᠴᠠᠭ ᠲᠤ ᠣᠷᠣᠨ ᠪᠦᠰᠡ ᠶᠢᠨ ᠳᠣᠲᠣᠷ᠎ᠠ ᠣᠷᠣᠵᠣ ᠰᠠᠭᠤᠬᠤ ᠪᠦᠬᠦᠯᠢ ᠴᠣᠭᠴᠠ ᠶᠢᠨ ᠲᠥᠯᠥᠪᠵᠢᠭᠦᠯᠪᠡ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ᠂ ᠭᠤᠣᠯᠯᠠᠬᠤ ᠠᠵᠤ ᠦᠢᠯᠡᠰ ᠲᠤ ᠬᠠᠷᠢᠶᠠᠯᠠᠭᠳᠠᠬᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠪᠣᠯ ᠲᠤᠰᠠᠭᠠᠷ ᠦᠨᠡᠯᠡᠯᠲᠡ ᠬᠢᠬᠦ ᠦᠭᠡᠶ ᠪᠠᠶᠢᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠨᠢᠭᠡᠳᠦᠯᠲᠡᠶ ᠦᠨᠡᠯᠡᠵᠦ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠬᠠᠷᠢᠯᠴᠠᠨ ᠮᠡᠳᠡᠷᠡᠬᠦ ᠬᠡᠷᠡᠭᠲᠡᠶ᠂ ᠬᠠᠮᠤᠭ ᠤᠨ ᠶᠡᠭᠡ ᠬᠡᠮᠵᠢᠶ᠎ᠡ ᠪᠠᠷ ᠬᠢᠨᠠᠨ ᠵᠥᠪᠰᠢᠶᠡᠷᠡᠬᠦ ᠶᠠᠪᠣᠴᠠ ᠶᠢ ᠳᠦᠭᠦᠮᠴᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号