ᠮᠠᠨ ᠤ ᠣᠷᠣᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠦᠷᠨᠢᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/4/16
     ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠶ᠎ᠠ      4 ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠠᠨ ᠭᠡᠷ ᠤᠨ ︽4 · 15︾ ᠤ ᠠᠵᠢᠯᠯᠠᠭ᠎ᠠ ᠶᠢᠨ ᠠᠯᠪᠠᠨ ᠭᠡᠷ ᠤᠨ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 4 ᠰᠠᠷ᠎ᠠ  ᠶᠢᠨ 15 ᠤ ᠡᠳᠦᠷ ᠠᠴᠠ ᠡᠬᠢᠯᠡᠨ᠂ ᠪᠦᠬᠦ ᠣᠷᠣᠨ ᠤ ᠡᠯ᠎ᠡ ᠭᠠᠵᠠᠷ ᠤᠨ ᠬᠢᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ︾ ᠭᠤᠣᠯ ᠰᠡᠳᠦᠪ ᠪᠠ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾ ᠭᠤᠣᠯ ᠱᠤᠭᠤᠮ ᠤᠨ ᠲᠣᠭᠤᠷᠢᠨ ᠳᠤ᠂ ᠡᠯᠪᠡᠭ ᠪᠠᠶᠠᠯᠢᠭ ᠠᠭᠤᠯᠭ᠎ᠠ ᠲᠠᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠃      4 ᠰᠠᠷ᠎ᠠ ᠶᠢᠨ 15 ᠤ ᠡᠳᠦᠷ ᠪᠣᠯ ᠵᠢᠷᠭᠤᠭᠠᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠪᠥᠷ ᠮᠣᠩᠭᠤᠯ ᠳᠤ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠡᠨᠡ ᠵᠢᠯ ᠤᠨ ᠮᠠᠨ ᠤ ᠣᠷᠣᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠨᠠᠩ ᠳᠣᠪᠤᠶᠢᠯᠭᠠᠵᠤ᠂ ᠠᠭᠤᠯᠭ᠎ᠠ ᠶᠢᠨ ᠲᠠᠯ᠎ᠠ ᠪᠠᠷ ᠭᠤᠤᠯ ᠰᠡᠳᠦᠪ ᠭᠤᠤᠯ ᠱᠣᠭᠤᠮ ᠢ ᠨᠠᠩ ᠳᠣᠪᠤᠶᠢᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠨᠢᠭᠡᠴᠢ ᠪᠣᠯᠤᠨ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠠᠨ ᠭᠡᠷ ᠲᠠᠢ ᠬᠠᠮᠵᠢᠯᠴᠠᠵᠣ᠂ ᠱᠠᠲᠤ ᠬᠤᠪᠢᠶᠠᠨ᠂ ᠲᠥᠷᠥᠯ ᠬᠤᠪᠢᠶᠠᠨ᠂ ᠳᠡᠰ ᠬᠤᠪᠢᠶᠠᠨ 130 ᠭᠠᠷᠤᠶ ᠵᠦᠢᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯᠤᠨ᠎ᠠ᠃      ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠤᠬᠠᠢ ᠶᠢᠨ ᠡᠳᠦᠷ᠂ ᠵᠥᠪᠬᠡᠨ ᠬᠥᠬᠡᠬᠤᠲᠠ ᠳᠤ 67 ᠤᠬᠠᠭᠤᠯᠭ᠎ᠠ ᠶᠢᠨ ᠴᠡᠭ ᠲᠣᠬᠢᠷᠠᠭᠤᠯᠵᠤ᠂ ᠮᠡᠳᠡᠯᠭᠡ ᠶᠢᠨ ᠤᠷᠤᠯᠳᠤᠭᠠᠨ᠂ ᠲᠤᠰᠬᠠᠶ ᠰᠡᠳᠦᠪᠲᠦ ᠰᠤᠷᠪᠤᠯᠵᠢᠯᠠᠭ᠎ᠠ᠂ ᠶᠠᠷᠢᠶ᠎ᠠ ᠢᠯᠡᠳᠬᠡᠯ᠂ ᠨᠠᠶᠢᠷᠠᠯ ᠳᠠᠭᠤᠤ ᠵᠡᠷᠭᠡ ᠠᠵᠢᠯᠯᠠᠭ᠎ᠠ ᠦᠷᠨᠢᠬᠦᠯᠬᠦ ᠪᠣᠯᠣᠨ᠎ᠡ᠃ ᠵᠠᠯᠭᠠᠭᠠᠳ ᠪᠥᠬᠦ ᠣᠷᠣᠨ ᠤ ᠡᠯ᠎ᠡ ᠭᠠᠵᠠᠷ ᠤᠨ ᠬᠢᠨ ᠪᠠᠰᠠ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠲᠣᠭᠤᠷᠢᠨ ᠳᠠᠶᠢᠯᠪᠣᠷᠢᠯᠠᠬᠤ ᠠᠵᠢᠯᠯᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠤᠯᠠᠭᠠᠨᠮᠥ᠋ᠴᠢᠷ ᠢ ᠵᠣᠬᠢᠶᠠᠨ ᠪᠠᠶᠢᠭᠤᠯᠣᠨ ᠣᠷᠣᠨ ᠨᠤᠲᠤᠭ ᠤᠨ ᠣᠨᠴᠠᠯᠢᠭ ᠲᠠᠢ ᠳᠣᠭᠯᠠᠯᠳᠠ ᠨᠠᠶᠢᠷᠠᠭᠤᠯᠤᠨ ᠵᠤᠬᠢᠶᠠᠵᠤ᠂ ᠲᠥᠯᠥᠪᠯᠡᠭᠡ ᠲᠠᠢ᠂ ᠴᠢᠭᠯᠡᠭᠦᠯᠦᠯᠳᠦ ᠴᠢᠨᠠᠷᠲᠠᠶ ᠪᠠᠷ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠡᠮᠦᠨ᠎ᠠ ᠹᠷᠣᠨᠲ ᠲᠤ ᠲᠣᠭᠤᠷᠢᠨ ᠲᠣᠭᠯᠠᠯᠲᠠ ᠭᠠᠷᠭᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠮᠡᠳᠡᠯᠭᠡ ᠶᠢ ᠦᠷᠭᠦᠯᠵᠢᠯᠡᠨ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠬᠰᠢᠳᠠ ᠴᠢᠩᠭᠠᠳᠬᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号