ᠯᠢᠨᠰᠢ ᠰᠢᠶᠠᠨ ᠠᠵᠤ ᠠᠬᠤᠢ ᠶᠢᠨ ᠤᠢ ᠶᠢᠨ ᠪᠦᠲᠦᠭᠡᠨ ᠪᠠᠢᠭᠤᠯᠤᠯᠲᠠ ᠶᠢ ᠦᠷᠭᠦᠯᠵᠢᠯᠡᠨ ᠬᠥᠭᠵᠢᠭᠦᠯᠪᠡ
ᠨᠡᠶᠢᠲᠡᠯᠡᠭᠰᠡᠨ ᠴᠠᠭ᠄
2021/4/16
     ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠰ ᠳᠡᠪᠰᠢᠭᠦᠯᠬᠦ ᠪᠠᠷ ᠭᠤᠤᠯᠳᠠᠯᠭ᠎ᠠ ᠪᠣᠯᠭᠠᠵᠤ᠂ 2021 ᠣᠨ ᠳᠤ ᠬᠡᠭᠡᠷ᠎ᠡ ᠶᠢᠨ ᠭᠦᠢᠯᠡᠰᠦ ᠲᠣᠮᠣ ᠭᠦᠢᠯᠡᠰᠦ ᠲᠠᠢ ᠵᠠᠯᠭᠠᠵᠣ ᠣᠷᠭᠤᠭᠤᠯᠬᠤ ᠶᠢ 2 ᠲᠦᠮᠡᠨ ᠮᠥ ᠦᠷᠭᠡᠳᠭᠡᠬᠦ ᠪᠠᠷ ᠲᠦᠯᠦᠪᠯᠡᠵᠦ᠂ 5000 ᠮᠥ ᠠᠵᠤ ᠠᠬᠤᠶ ᠶᠢᠨ ᠣᠶ ᠶᠢ ᠥᠭᠡᠷᠡᠴᠢᠯᠡᠨ ᠳᠡᠭᠡᠭᠰᠢᠯᠡᠭᠦᠯᠵᠦ᠂ ᠮᠥᠨᠳᠥᠷ ᠰᠡᠷᠭᠡᠶᠢᠯᠡᠬᠦ ᠲᠤᠤᠷ ᠤᠨ ᠲᠤᠷᠰᠢᠯᠲᠠ ᠶᠢᠨ ᠴᠡᠭ ᠢ 500 ᠮᠥ ᠳᠡᠯᠭᠡᠷᠡᠭᠦᠯᠵᠦ᠂ ᠵᠢᠱᠢᠯᠲᠡ ᠪᠠᠷ ᠪᠥᠬᠦ ᠰᠢᠶᠠᠨ ᠤ ᠠᠵᠤ ᠠᠬᠤᠶ ᠶᠢᠨ ᠣᠶ ᠶᠢᠨ ᠶᠡᠷᠦᠩᠬᠡᠶ ᠲᠠᠯᠠᠪᠠᠶ 16 ᠲᠦᠮᠡᠨ ᠮᠥ ᠳᠤ ᠬᠥᠷᠬᠦ ᠪᠣᠯᠤᠨ᠎ᠠ᠃ ᠡᠭᠦᠨ ᠤ ᠬᠠᠮᠲᠤ ᠵᠢᠮᠢᠰ ᠤᠨ ᠦᠢᠯᠡᠰ ᠤᠨ ᠮᠡᠷᠭᠡᠵᠢᠯ ᠤᠨ ᠠᠵᠢᠯᠲᠠᠨ ᠢ ᠨᠡᠶᠢᠲᠡ 50 ᠭᠠᠷᠤᠶ ᠬᠥᠮᠦᠨ ᠵᠣᠬᠢᠶᠠᠨ ᠪᠠᠶᠢᠭᠤᠯᠵᠤ ᠪᠥᠬᠦ ᠰᠢᠶᠠᠨ ᠤ ᠵᠢᠮᠢᠰ ᠤᠨ ᠬᠦᠷᠢᠶᠡᠯᠡᠩ ᠵᠢᠴᠢ ᠵᠢᠮᠢᠰ ᠤᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠵᠢᠮᠢᠰ ᠤᠨ ᠮᠣᠳᠣᠨ ᠤ ᠴᠡᠴᠡᠭ ᠠᠴᠠ ᠡᠮᠦᠨ᠎ᠡ ᠳᠠᠬᠢᠨ ᠬᠠᠶᠢᠴᠢᠯᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠠᠪᠤᠷ ᠤᠨ ᠤᠯᠠᠷᠢᠯ ᠳᠤ ᠨᠡᠮᠡᠯᠲᠡ ᠪᠣᠷᠲᠣᠭᠤᠷ ᠣᠷᠣᠭᠤᠯᠬᠤ᠂ ᠴᠡᠴᠡᠭᠯᠡᠬᠦ ᠬᠤᠭᠤᠴᠠᠭᠠᠨ ᠳᠤ ᠬᠥᠯᠳᠡᠬᠦ ᠶᠢ ᠰᠡᠷᠭᠡᠶᠢᠯᠡᠬᠦ ᠵᠡᠷᠭᠡ ᠬᠠᠪᠤᠷ ᠤᠨ ᠤᠯᠠᠷᠢᠯ ᠤᠨ ᠬᠠᠮᠢᠶᠠᠷᠤᠯᠲᠠ ᠶᠢᠨ ᠮᠡᠷᠭᠡᠵᠢᠯ ᠢ ᠲᠠᠶᠢᠯᠪᠤᠷᠢᠯᠠᠵᠤ᠂ ᠵᠢᠮᠢᠰ ᠤᠨ ᠲᠠᠷᠢᠶᠠᠴᠢᠳ ᠲᠤ ᠮᠠᠳᠠᠭ ᠲᠠᠢ ᠵᠦᠢᠯ ᠢ ᠨᠢ ᠳᠡᠶᠢᠯᠵᠦ ᠦᠭᠬᠦᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号