ᠯᠢᠨᠰᠢ ᠰᠢᠶᠠᠨ ᠵᠢᠷᠭᠤᠳᠤᠭᠠᠷ ᠣᠳᠠᠭᠠᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/16
     4 ᠰᠠᠷ᠎ᠠ ᠶᠢᠨ 15 ᠤ ᠡᠳᠦᠷ ᠪᠣᠯ ᠵᠢᠷᠭᠤᠭᠠᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠮᠥᠨ᠂ ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠯᠢᠨᠰᠢ ᠰᠢᠶᠠᠨ ︽4 . 15 ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠪᠣᠯ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︾᠃
      ᠠᠵᠢᠯᠯᠠᠭ᠎ᠠ ᠶᠢᠨ ᠠᠬᠤᠢ ᠲᠠᠯᠠᠪᠠᠢ ᠳᠤ᠂ ᠯᠢᠨᠰᠢ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠸᠢᠳᠢᠣ᠋᠂ ᠦᠵᠡᠭᠦᠯᠭᠡ ᠶᠢᠨ ᠰᠠᠮᠪᠠᠷ᠎ᠠ ᠶᠢᠨ ᠤᠬᠠᠭᠤᠯᠭ᠎ᠠ᠂ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠶᠢ ᠥᠷᠭᠡᠨ ᠢᠶᠠᠷ ᠤᠬᠠᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ᠂ ᠲᠠᠩᠨᠠᠭᠤᠯ ᠢ ᠡᠰᠡᠷᠭᠦᠴᠡᠬᠦ ᠬᠠᠤᠯᠢ᠂ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠵᠡᠷᠭᠡ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠺᠠᠳ᠋ᠷ ᠤᠯᠠᠨ ᠲᠦᠮᠡᠨ ᠤ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾  ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃
   ︵ᠵᠧᠨ ᠶᠠᠨ ᠸᠧᠨ᠂ ᠴᠧᠨ ᠰᠢᠶᠤᠤ ᠶᠦᠨ︶
 
ᠢᠷᠡᠯᠲᠡ᠄ ᠠᠮᠢᠵᠢᠷᠠᠯ ᠪᠢᠯᠬᠠᠭᠰᠠᠨ ᠯᠢᠨᠰᠢ ᠰᠢᠶᠠᠨ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号