ᠯᠢᠨᠰᠢ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠬᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/16
     4 ᠰᠠᠷ᠎ᠠ ᠶᠢᠨ 15 ᠤ ᠡᠳᠦᠷ᠂ ᠯᠢᠨᠰᠢ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠬᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃
     ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠯᠧᠺᠲ᠋ᠣᠷ ᠯᠢᠦ ᠱᠧᠩ ᠨᠠᠨ ᠢ ᠤᠷᠢᠵᠤ ᠮᠡᠳᠡᠭᠦᠯᠦᠯᠲᠡ ᠬᠢᠯᠭᠡᠪᠡ᠃ ᠢᠯᠡᠳᠬᠡᠯ ᠳᠤ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠶ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ  ᠭᠦᠢᠴᠡᠳ ᠲᠠᠨᠢᠬᠤ︔ ᠨᠠᠮ ᠤᠨ ᠲᠡᠦᠬᠡ ᠶᠢᠨ ᠦᠨᠳᠦᠰᠦᠨ ᠪᠦᠲᠦᠭᠡᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠣᠶᠢᠯᠠᠭᠠᠬᠤ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠶᠢ ᠭᠦᠨᠵᠡᠭᠡᠶ ᠡᠵᠡᠮᠰᠢᠬᠦ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠡᠪᠲᠡᠷᠡᠲᠡᠯ᠎ᠡ ᠤᠢᠢᠯᠠᠭᠠᠨ ᠪᠣᠳᠠᠲᠠᠶᠢᠵᠢᠭᠤᠯᠬᠤ︾ ᠵᠡᠷᠭᠡ ᠳᠦᠷᠪᠡᠨ ᠲᠠᠯ᠎ᠠ ᠪᠠᠷ ᠰᠢᠰᠲᠧᠮ ᠲᠠᠢ ᠲᠠᠶᠢᠯᠤᠮᠵᠢ ᠬᠢᠪᠡ᠃ ᠮᠡᠳᠡᠭᠦᠯᠦᠯᠲᠡ ᠶᠢᠨ ᠭᠤᠤᠯ ᠰᠡᠳᠦᠪ ᠲᠣᠪᠤᠶᠢᠮ᠎ᠠ᠂ ᠠᠭᠤᠯᠭ᠎ᠠ ᠪᠠᠶᠠᠯᠢᠭ᠂ ᠥᠭᠦᠯᠡᠯᠲᠡ ᠲᠣᠳᠣᠷᠬᠠᠶ ᠪᠠᠶᠢᠵᠤ᠂ ᠯᠢᠨᠰᠢ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠩ ᠰᠠᠶᠢᠲᠤᠷ ᠥᠷᠨᠢᠭᠦᠯᠬᠦ ᠳᠤ ᠣᠨᠣᠯ ᠤᠨ ᠵᠢᠯᠣᠭᠤᠳᠣᠯᠭ᠎ᠠ ᠬᠠᠩᠭᠠᠪᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠶᠧ ᠶᠠᠨ ᠯᠢ ᠬᠤᠷᠠᠯ ᠡᠷᠭᠢᠯᠡᠪᠡ᠂ ᠲᠡᠷᠡ ᠱᠠᠭᠠᠷᠳᠠᠬᠤ ᠳᠤ ᠪᠠᠨ᠂ ᠡᠨᠡ ᠤᠳᠠᠭᠠᠨ ᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠲᠡᠦᠬᠡ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠣ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠂ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠰᠢᠨ᠂ ᠪᠣᠳᠠᠲᠠᠶ ᠳᠤ ᠰᠠᠭᠤᠷᠢᠯᠠᠵᠣ᠂ ᠳᠠᠪᠠᠭᠤᠯᠢᠭ ᠢᠶᠠᠨ ᠪᠠᠳᠠᠷᠠᠭᠤᠯᠣᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠠᠳᠬᠤᠬᠤ ᠬᠡᠷᠡᠭᠲᠡᠶ ᠂ ᠲᠡᠦᠬᠡ ᠶᠢ ᠰᠣᠷᠣᠯᠴᠠᠵᠣ ᠶᠣᠰᠣ ᠤᠴᠢᠷ ᠢ ᠣᠶᠢᠯᠭᠠᠨ᠂ ᠲᠡᠦᠬᠡ ᠶᠢ ᠰᠣᠷᠣᠯᠴᠠᠵᠣ ᠢᠲᠡᠭᠡᠯ ᠪᠠᠨ ᠨᠡᠮᠡᠭᠳᠡᠭᠦᠯᠦᠨ᠂ ᠲᠡᠦᠬᠡ ᠶᠢ ᠰᠣᠷᠣᠯᠴᠠᠵᠣ ᠶᠣᠰᠣ ᠰᠣᠷᠲᠠᠬᠤᠨ ᠢ ᠡᠷᠬᠢᠮᠯᠡᠨ᠂ ᠲᠡᠦᠬᠡ ᠶᠢ ᠰᠣᠷᠣᠯᠴᠠᠵᠣ ᠴᠢᠷᠮᠠᠶᠢᠨ ᠦᠢᠯᠡᠳᠦᠯᠭᠡᠵᠢᠭᠦᠯᠬᠦ ᠶᠢ ᠦᠨᠡᠨ ᠬᠦ ᠪᠡᠶᠡᠯᠡᠬᠦᠯᠦᠨ᠂ ᠮᠠᠨ ᠤ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠣᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠴᠠᠭ ᠣᠶᠢᠶ᠎ᠠ ᠳᠤ ᠡᠷᠡᠯᠬᠡᠭᠯᠡᠨ ᠣᠷᠣᠭᠰᠢᠯᠠᠵᠣ᠂ ︽ᠠᠷᠪᠠᠨ ᠳᠥᠷᠪᠡᠳᠦᠭᠡᠷ ᠲᠠᠪᠤᠨ ᠵᠢᠯ︾ ᠳᠤ ᠴᠢᠷᠮᠠᠶᠢᠨ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ ᠭᠡᠵᠡᠢ᠃      ᠠᠵᠢᠯ ᠤᠨ ᠪᠠᠶᠢᠷᠢ ᠳᠤ ᠪᠠᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ᠂ ᠰᠢᠶᠠᠨ ᠤ ᠰᠢᠭᠤᠳ ᠬᠠᠷᠢᠶ᠎ᠠ ᠡᠯ᠎ᠡ  ᠬᠡᠯᠲᠡᠰ  ᠵᠥᠪᠯᠡᠯ ᠠᠯᠪᠠᠨ ᠭᠡᠷ ᠲᠣᠪᠴᠢᠶ᠎ᠠ ᠶᠢᠨ ᠨᠥᠬᠦᠳ ᠬᠤᠷᠠᠯ ᠳᠤ ᠣᠷᠣᠯᠴᠠᠵᠠᠢ᠃
     ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠳ᠋ᠠ ᠶᠢᠩᠽᠢ ᠰᠢᠶᠠᠩ ᠳᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃( ᠶᠠᠩ ᠬᠠᠢ ᠶᠢᠩ᠂ ᠶᠠᠩ ᠢᠦᠢ  ᠬᠤᠩ)
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号