ᠭᠤᠸᠠᠨᠳᠢ ᠪᠠᠯᠭᠠᠰᠤ᠄ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠵᠣᠯ ᠵᠢᠷᠭᠠᠯᠲᠤ ᠠᠮᠢᠳᠤᠷᠠᠯ ᠢ ᠴᠣᠭᠴᠠᠯᠠᠶ᠎ᠠ
ᠨᠡᠶᠢᠲᠡᠯᠡᠭᠰᠡᠨ ᠴᠠᠭ᠄
2021/4/19
     ᠯᠢᠨᠰᠢ ᠰᠢᠶᠠᠨ ᠤ ᠭᠤᠸᠠᠨᠳᠢ ᠪᠠᠯᠭᠠᠰᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠭᠠᠷᠳᠠᠴᠠ ᠪᠣᠯᠭᠠᠵᠤ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠩᠭᠢᠯᠠᠭ᠎ᠠ ᠶᠢᠨ ᠴᠡᠭ ᠠᠴᠠ ᠪᠦᠬᠦ ᠣᠷᠣᠨ ᠪᠦᠰᠡ᠂ ᠪᠠᠭᠤᠷᠠᠢ ᠪᠠᠶᠢᠭᠰᠠᠨ ᠠᠴᠠ ᠪᠦᠷᠢᠨ ᠲᠡᠭᠦᠯᠳᠡᠷ᠂ ᠴᠡᠪᠡᠷ ᠲᠡᠭᠰᠢ ᠪᠠᠶᠢᠭᠰᠠᠨ ᠠᠴᠠ ᠦᠵᠡᠰᠬᠦᠯᠡᠩᠲᠦ ᠰᠠᠶᠢᠬᠠᠨ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠦᠨᠡᠨ ᠬᠦ  ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠴᠦ᠂ ᠤᠯᠠᠨ ᠲᠦᠮᠡᠨ ᠤ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ  ᠳᠡᠭᠡᠭᠰᠢᠯᠡᠭᠦᠯᠦᠨ᠎ᠡ᠃     ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠡᠭᠦᠷᠭᠡ ᠪᠣᠯᠤᠨ᠎ᠠ᠃ ᠭᠤᠸᠠᠨᠳᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠠᠭ ᠤᠨ ᠪᠦᠷᠢᠯᠳᠦᠬᠦᠨ ᠢ ᠲᠣᠰᠬᠤᠨ ᠬᠤᠪᠢᠶᠠᠨ ᠳᠠᠭᠠᠭᠠᠴᠢᠯᠠᠨ ᠬᠤᠯᠪᠣᠭᠠᠯᠠᠬᠤ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠪᠠ᠃ ᠨᠠᠮ ᠤᠨ ᠬᠤᠷᠢᠶᠠᠨ ᠤ ᠬᠤᠷᠠᠯ᠂ ᠪᠠᠶᠢᠷᠢᠯᠠᠭᠤᠯᠤᠯᠲᠠ ᠶᠢᠨ ᠬᠤᠷᠠᠯ᠂ ᠠᠬᠢᠭᠤᠯᠬᠤ ᠬᠤᠷᠠᠯ᠂ ᠶᠠᠷᠢᠯᠴᠠᠬᠤ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠶᠠᠭᠠᠬᠢᠵᠤ ᠬᠢᠬᠦ᠂ ᠶᠠᠭᠤ ᠬᠢᠬᠦ᠂  ᠶᠠᠮᠠᠷ ᠪᠣᠯᠭᠠᠲᠠᠯ᠎ᠠ ᠬᠢᠬᠦ︾ ᠭᠤᠷᠪᠠᠨ ᠠᠰᠠᠭᠤᠳᠠᠯ ᠢ ᠰᠤᠳᠤᠯᠪᠠ᠃ ᠡᠭᠦᠨ ᠤ ᠬᠠᠮᠲᠤ ᠲᠣᠰᠬᠤᠨ ᠳᠠᠭᠠᠭᠠᠴᠢᠯᠠᠭᠰᠠᠨ ᠤᠳᠤᠷᠢᠳᠤᠯᠭ᠎ᠠ ᠡᠯ᠎ᠡ ᠲᠣᠰᠬᠤᠨ ᠳᠤ ᠭᠦᠨᠵᠡᠭᠡᠶᠢᠷᠡᠨ ᠶᠠᠷᠢᠯᠴᠠᠬᠤ ᠬᠤᠷᠠᠯ ᠬᠤᠷᠠᠯᠳᠤᠭᠤᠯᠬᠤ᠂ ᠡᠷᠦᠬᠡ ᠳᠤ ᠬᠦᠷᠴᠦ ᠰᠤᠷᠪᠤᠯᠵᠢᠯᠠᠬᠤ᠂ ᠰᠡᠳᠬᠢᠯ ᠢᠶᠠᠨ ᠶᠠᠷᠢᠯᠴᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠲᠣᠰᠬᠤᠨ ᠤ ᠣᠳᠣᠬᠠᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠠᠬᠢᠴᠠ᠂ ᠲᠤᠯᠭᠠᠷᠠᠭᠰᠠᠨ ᠬᠦᠴᠢᠷ ᠠᠰᠠᠭᠤᠳᠠᠯ ᠵᠢᠴᠢ ᠰᠠᠶᠢᠨ ᠠᠵᠢᠯ ᠤᠨ ᠲᠤᠷᠰᠢᠯᠭ᠎ᠠ ᠠᠷᠭ᠎ᠠ ᠬᠢᠳᠡᠯ᠂ ᠰᠠᠨᠠᠯ ᠰᠠᠨᠠᠭᠤᠯᠭ᠎ᠠ ᠵᠡᠷᠭᠡ ᠠᠭᠤᠯᠭ᠎ᠠ ᠶᠢ ᠣᠶᠢᠯᠠᠭᠠᠵᠤ᠂ ︽ ᠭᠤᠸᠠᠨᠳᠢ ᠪᠠᠯᠭᠠᠰᠤ ᠶᠢᠨ 2021 ᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ ᠭᠤᠸᠠᠨᠳᠢ ᠪᠠᠯᠭᠠᠰᠤ ᠶᠢᠨ 2021 ᠣᠨ ᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠯᠭᠠᠨ ᠬᠢᠨᠠᠬᠤ ᠠᠷᠭ᠎ᠠ︾ ᠶᠢ ᠲᠣᠭᠲᠠᠭᠠᠪᠠ᠃     ᠡᠯ᠎ᠡ ᠲᠣᠰᠬᠤᠨ ᠤ ᠱᠦᠵᠢ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ︽ᠨᠠᠮ︾ ᠢᠶᠠᠷ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠳᠠᠭᠠᠭᠤᠯᠤᠨ ᠭᠦᠶᠦᠬᠦ᠂ ᠨᠠᠮ ᠤᠨ ᠭᠡᠰᠢᠭᠦᠨ ᠳᠠᠭᠠᠭᠤᠯᠤᠨ ᠭᠦᠶᠦᠬᠦ᠂ ᠣᠯᠠᠨ ᠲᠦᠮᠡᠨ ᠳᠠᠭᠠᠵᠤ ᠭᠦᠶᠦᠬᠦ ᠶᠢ ᠪᠠᠷᠢᠮᠲᠠᠯᠠᠬᠤ ᠬᠡᠷᠡᠭᠲᠡᠶ᠃ ᠲᠣᠰᠬᠤᠨ ᠤ ᠬᠤᠶᠠᠷ ᠵᠥᠪᠯᠡᠯ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ᠂ ᠰᠦᠯᠵᠢᠶᠡᠨ ᠳᠠᠷᠤᠭ᠎ᠠ᠂  ᠰᠦᠯᠵᠢᠶᠡᠨ ᠭᠡᠰᠢᠭᠦᠨ᠂ ᠨᠠᠮ ᠤᠨ ᠭᠡᠰᠢᠭᠦᠨ᠂ ᠪᠡᠶ᠎ᠡ ᠶᠢᠨ ᠭᠠᠷᠤᠯ ᠢᠶᠠᠨ ᠢᠯᠡ ᠪᠠᠶᠢᠯᠭᠠᠵᠤ᠂ ᠬᠠᠷᠢᠭᠤᠴᠠᠯᠭ᠎ᠠ ᠡᠭᠦᠷᠭᠡᠯᠡᠨ᠂ ᠠᠮᠠᠯᠠᠯᠲᠠ ᠪᠠᠨ ᠦᠢᠯᠡᠳᠦᠯᠭᠡᠵᠢᠭᠦᠯᠵᠦ᠂ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠠᠵᠢᠯ ᠢ ᠲᠦᠷᠦᠭᠦᠯᠡᠨ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠳᠠᠶᠢᠴᠢᠯᠠᠨ ︽ᠡᠵᠡᠨ ᠬᠥᠮᠦᠨ︾ ᠤ ᠤᠬᠠᠮᠰᠠᠷ ᠢ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢᠨ ︽ᠤᠯᠠᠨ ᠲᠣᠣᠷ︾ ᠤᠨ ᠠᠭᠤᠰᠤᠯᠴᠠᠯ ᠢ ᠠᠬᠢᠭᠤᠯᠵᠤ᠂ ︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠬᠥᠮᠦᠰ ᠤᠨ ᠰᠡᠳᠬᠢᠯ ᠢ ᠣᠯᠵᠤ᠂ ᠡᠮᠦᠨ᠎ᠡ ᠹᠷᠣᠨᠲ ᠤᠨ ᠨᠠᠮ ᠤᠨ ᠭᠡᠰᠢᠭᠦᠨ ᠳᠠᠪᠲᠠᠭᠳᠠᠨ ᠪᠣᠯᠪᠠᠰᠤᠷᠠᠵᠤ᠂ ᠲᠣᠰᠬᠤᠨ ᠤ ᠳᠦᠷᠰᠦ ᠪᠠᠶᠢᠳᠠᠯ ᠳᠡᠭᠡᠭᠰᠢᠯᠡᠵᠦ᠂ ᠲᠠᠷᠢᠶᠠᠴᠢᠨ ᠲᠦᠮᠡᠨ ᠪᠣᠳᠠᠲᠤ ᠠᠰᠢᠭ ᠬᠦᠷᠳᠡᠭᠰᠡᠨ︾ ᠳᠠᠪᠬᠤᠴᠠᠭᠰᠠᠨ ᠦᠷ᠎ᠡ ᠨᠥᠯᠥᠭᠡ ᠶᠢ ᠪᠤᠢ ᠪᠣᠯᠭᠠᠨ᠎ᠠ᠃      ︽ᠬᠤᠸᠠᠷ ᠬᠠᠳᠬᠤᠬᠤ︾ ᠴᠢᠷᠮᠠᠶᠢᠯᠠᠭ᠎ᠠ ᠪᠠᠷ ᠣᠷᠴᠢᠨ ᠲᠣᠭᠤᠷᠢᠨ ᠤ ︽ᠬᠠᠷ᠎ᠠ ᠴᠡᠭ︾ ᠢ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠲᠣᠰᠬᠤᠨ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠣᠭᠲᠠᠭᠠᠬᠤ ᠲᠡᠰ ᠳᠠᠷᠠᠭᠠᠯᠠᠯ ᠢ ᠦᠨᠳᠦᠰᠦᠯᠡᠵᠦ᠂ ᠲᠣᠰᠬᠤᠨ ᠤ ᠠᠷᠠᠳ ᠢ ᠰᠤᠳᠤᠯᠤᠨ ᠲᠣᠭᠲᠠᠭᠠᠬᠤ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠠᠮᠢᠶᠠᠷᠤᠯᠲᠠ ᠶᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠪᠢᠴᠢᠵᠦ᠂ ᠲᠣᠰᠬᠤᠨ ᠤ ᠠᠷᠠᠳ ᠤᠨ ᠤᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠰᠬᠤᠨ ᠤ ᠠᠷᠠᠳ ᠢ ᠰᠠᠨᠠᠭᠠᠴᠢᠯᠠᠭ᠎ᠠ ᠠᠴᠠ ᠪᠠᠨ᠂ ᠤᠬᠠᠮᠰᠠᠷ ᠠᠴᠠ ᠪᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠵᠤ᠂ ᠰᠢᠨ᠎ᠡ ᠬᠥᠳᠡᠭᠡ ᠲᠣᠰᠬᠤᠨ ᠢ ᠬᠠᠮᠲᠤ ᠪᠠᠷ ︽ᠭᠤᠶᠤᠵᠢᠭᠤᠯᠬᠤ︾ ᠬᠡᠷᠡᠭᠲᠡᠢ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号