ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠡᠭᠡᠷ᠎ᠡ ᠬᠠᠭᠠᠰ ᠵᠢᠯ ᠤᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠨᠡᠷ᠎ᠡ ᠮᠡᠳᠡᠭᠦᠯᠦᠨ ᠡᠬᠢᠯᠡᠵᠡᠢ
ᠨᠡᠶᠢᠲᠡᠯᠡᠭᠰᠡᠨ ᠴᠠᠭ᠄
2021/4/19
    4 ᠳ᠋ᠦ᠋ᠭᠡᠷ ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠶᠡᠷᠦᠩᠬᠡᠶ ᠲᠥᠰᠦᠯ︾ ᠤᠨ ᠲᠣᠭᠲᠠᠭᠠᠯ ᠢ ᠦᠨᠳᠦᠰᠦᠯᠡᠵᠦ᠂ 2021 ᠣᠨ ᠤ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠶᠢᠨ ᠬᠠᠮᠢᠶ᠎ᠠ ᠪᠦᠬᠦᠢ ᠠᠵᠢᠯ ᠨᠢᠭᠡᠨᠲᠡ 4 ᠳ᠋ᠦ᠋ᠭᠡᠷ ᠰᠠᠷ᠎ᠠ ᠶᠢᠨ 12 ᠤᠨ ᠡᠳᠦᠷ ᠠᠴᠠ ᠡᠬᠢᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠰᠢᠯᠭᠠᠯᠲᠠ ᠥᠪᠡᠷᠲᠡᠭᠡᠨ ᠵᠠᠰᠠᠬᠤ ᠣᠷᠣᠨ ᠤ 36 ᠲᠢᠩᠬᠢᠮ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠲᠠᠢ ᠬᠤᠯᠪᠣᠭᠳᠠᠵᠤ᠂ ᠨᠡᠶᠢᠲᠡ 912 ᠠᠵᠢᠯ ᠤᠨ ᠪᠠᠶᠢᠷᠢ ᠪᠣᠶ᠃ ᠡᠭᠦᠨ ᠳᠤ᠂ ᠨᠠᠮ ᠪᠠ ᠣᠯᠠᠨ ᠲᠦᠮᠡᠨ ᠤ ᠪᠦᠯᠬᠦᠮ ᠤᠨ ᠰᠢᠰᠲ᠋ᠧᠮ ᠤᠨ 13 ᠪᠠᠶᠢᠭᠤᠯᠭ᠎ᠠ ᠨᠢᠭᠡᠴᠢ᠂ 156 ᠬᠥᠮᠦᠨ ᠡᠯᠰᠡᠬᠦ ᠪᠠᠷ ᠲᠥᠯᠥᠪᠯᠡᠵᠦ ᠪᠣᠶ︔ ᠵᠠᠰᠠᠭ ᠤᠨ ᠣᠷᠳᠣᠨ ᠤ ᠰᠢᠰᠲ᠋ᠧᠮ ᠤᠨ 23 ᠪᠠᠶᠢᠭᠤᠯᠭ᠎ᠠ ᠨᠢᠭᠡᠴᠢ᠂ 756 ᠬᠥᠮᠦᠨ ᠡᠯᠰᠡᠬᠦ ᠪᠠᠷ ᠲᠥᠯᠥᠪᠯᠡᠵᠦ ᠪᠣᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠳᠤ 282 ᠬᠥᠮᠦᠨ᠂ ᠲᠥᠷᠥᠯ ᠵᠦᠢᠯ ᠤᠨ ᠠᠵᠢᠯᠲᠠᠨ 123 ᠬᠥᠮᠦᠨ᠂ ᠮᠣᠩᠭᠤᠯ ᠬᠢᠲᠠᠳ ᠬᠤᠣᠰ ᠬᠡᠯᠡᠨ ᠳᠤ ᠨᠡᠪᠲᠡᠷᠡᠭᠰᠡᠨ ᠠᠵᠢᠯᠲᠠᠨ 56 ᠬᠥᠮᠦᠨ ᠡᠯᠰᠡᠬᠦ ᠪᠠᠷ ᠪᠠᠶᠢᠨ᠎ᠠ᠃ ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠶᠢ ᠬᠤᠶᠠᠷ ᠱᠠᠲᠤ ᠬᠤᠪᠢᠶᠠᠨ ᠶᠠᠪᠤᠭᠳᠠᠭᠤᠯᠤᠨ᠎ᠠ᠄ ᠨᠢᠭᠡᠳᠦᠭᠡᠷ ᠱᠠᠲᠤ ᠨᠢ 4 ᠰᠠᠷ᠎ᠠ ᠶᠢᠨ 12 ᠤᠨ ᠡᠳᠦᠷ ᠤᠨ 9 ᠴᠠᠭ ᠠᠴᠠ 4 ᠰᠠᠷ᠎ᠠ ᠶᠢᠨ 15 ᠤ ᠡᠳᠦᠷ ᠤᠨ 12 ᠴᠠᠭ ᠪᠣᠯᠲᠠᠯ᠎ᠠ ᠶᠠᠪᠤᠭᠳᠠᠵᠤ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ᠂ ᠲᠥᠷᠥᠯ ᠵᠦᠢᠯ ᠤᠨ ᠠᠵᠢᠯᠲᠠᠨ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ᠎ᠡ︔ ᠬᠤᠶᠠᠳᠤᠭᠠᠷ ᠱᠠᠲᠤ ᠨᠢ 4 ᠰᠠᠷ᠎ᠠ ᠶᠢᠨ 21 ᠤ ᠡᠳᠦᠷ ᠤᠨ 9 ᠴᠠᠭ ᠠᠴᠠ 4 ᠰᠠᠷ᠎ᠠ ᠶᠢᠨ 24 ᠤ ᠡᠳᠦᠷ ᠤᠨ 12 ᠴᠠᠭ ᠪᠣᠯᠲᠠᠯ᠎ᠠ ᠶᠠᠪᠤᠭᠳᠠᠵᠤ᠂ ᠡᠩ ᠤᠨ ᠠᠵᠢᠯ ᠤᠨ ᠪᠠᠶᠢᠷᠢ ᠪᠠ ᠰᠢᠨᠵᠢ ᠴᠢᠨᠠᠷ ᠢ ᠨᠢ ᠬᠤᠪᠢᠷᠠᠭᠤᠯᠬᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ᠎ᠡ᠃ ᠪᠢᠷ ᠤᠨ ᠰᠢᠯᠭᠠᠯᠲᠠ ᠶᠢ 5 ᠰᠠᠷ᠎ᠠ ᠶᠢᠨ 22 ᠤᠨ ᠡᠳᠦᠷ ᠶᠠᠪᠤᠭᠳᠠᠭᠤᠯᠤᠨ᠎ᠠ᠂ ᠪᠣᠳᠠᠲᠠᠶ ᠲᠣᠬᠢᠷᠠᠭᠤᠯᠤᠯᠲᠠ ᠨᠢ᠄ 8 ᠴᠠᠭ 30 ᠮᠢᠨᠦ᠋ᠲ ᠠᠴᠠ 10 ᠴᠠᠭ ᠪᠣᠯᠲᠠᠯ᠎ᠠ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾᠂ 10 ᠴᠠᠭ ᠠᠴᠠ 12 ᠴᠠᠭ ᠪᠣᠯᠲᠠᠯ᠎ᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ︾ ᠪᠣᠯᠤᠨ᠎ᠠ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ ᠬᠢᠷᠢ ᠬᠡᠮ ᠤᠨ ᠳᠠᠬᠢᠨ ᠬᠢᠨᠠᠯᠲᠠ᠂ ᠨᠢᠭᠤᠷᠳᠠᠯ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠵᠡᠷᠭᠡ ᠠᠵᠢᠯ ᠢ ᠶᠠᠪᠤᠭᠳᠠᠭᠤᠯᠤᠨ᠎ᠠ᠃ ᠡᠯ᠎ᠡ ᠨᠢᠭᠡᠴᠢ ᠶᠢᠨ ᠠᠵᠢᠯᠲᠠᠨ ᠡᠯᠰᠡᠬᠦ ᠮᠡᠳᠡᠭᠳᠡᠯ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ︵http://impta.com︶ ᠶᠢᠨ ︽ᠰᠢᠯᠭᠠᠯᠲᠠ ᠶᠢᠨ ᠲᠤᠰᠬᠠᠶ ᠰᠡᠳᠦᠪᠲᠦ ᠲᠤᠰᠬᠠᠶ ᠪᠤᠯᠤᠩ︾᠂ ︽ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ︾ ᠠᠴᠠ ᠣᠶᠢᠯᠠᠭᠠᠵᠤ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号