ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠨᠰᠢ ᠰᠢᠶᠠᠨ ᠤ ᠬᠤᠷᠢᠶ᠎ᠠ ᠶᠢᠨ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠲᠠᠰ ᠳᠡᠪᠰᠢᠭᠦᠯᠦᠨ ᠬᠤᠯᠪᠣᠭᠠᠯᠠᠨ ᠬᠥᠳᠡᠯᠦᠯᠴᠡᠵᠦ ᠯᠢᠨᠰᠢ ᠰᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠭᠰᠠᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/4/2
      ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 2020 ᠣᠨ ᠤ 5 ᠰᠠᠷ᠎ᠠ ᠳᠤ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠯᠢᠨᠰᠢ ᠰᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠲᠠᠰ ᠳᠡᠪᠰᠢᠭᠦᠯᠬᠦ ᠲᠣᠭᠤᠷᠢᠨ ᠪᠠᠶᠢᠴᠠᠭᠠᠯᠲᠠ ᠥᠷᠨᠢᠭᠦᠯᠵᠦ᠂ 8 ᠰᠠᠷ᠎ᠠ ᠶᠢᠨ 20 ᠤ ᠡᠳᠦᠷ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾᠂ ︽ᠬᠤᠲᠠ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠲᠦᠷᠢᠮ ᠪᠠᠶᠢᠭᠤᠯᠬᠤ ᠲᠤᠬᠠᠶ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠨᠡᠶᠢᠲᠡᠯᠡᠶ᠎ᠡ᠃      ᠨᠢᠭᠡ᠂ ᠴᠡᠭᠴᠡᠯᠡᠨ ᠥᠭᠡᠷᠡᠴᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ      2020 ᠣᠨ ᠤ 5 ᠰᠠᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠠᠰ ᠳᠡᠪᠰᠢᠭᠦᠯᠦᠨ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠯᠢᠨᠰᠢ ᠰᠢᠶᠠᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠪᠡ᠃ 8 ᠰᠠᠷ᠎ᠠ ᠶᠢᠨ 20 ᠤ ᠡᠳᠦᠷ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠣᠯᠤᠭᠰᠠᠨ ᠤ ᠳᠠᠷᠠᠭ᠎ᠠ᠂ ᠯᠢᠨᠰᠢ ᠰᠢᠶᠠᠨ ᠲᠡᠷᠡ ᠳᠠᠷᠤᠶ ᠳᠤᠨᠢ ᠤᠳᠤᠷᠢᠳᠬᠤ ᠳᠣᠭᠤᠶᠢᠯᠠᠩ ᠵᠣᠬᠢᠶᠠᠨ ᠪᠠᠶᠢᠭᠤᠯᠵᠤ᠂ ᠠᠷᠭ᠎ᠠ ᠠᠪᠴᠢᠯ ᠢ ᠬᠢᠨᠠᠮᠠᠭᠠᠶ ᠰᠤᠳᠤᠯᠤᠨ᠂ ᠲᠥᠰᠦᠯ ᠲᠣᠭᠲᠠᠭᠠᠵᠤ᠂ 8 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯᠳᠤᠭᠠᠨ ᠬᠤᠷᠠᠯᠳᠤᠭᠤᠯᠵᠤ ᠴᠡᠭᠴᠡᠯᠡᠨ ᠥᠭᠡᠷᠡᠴᠢᠯᠡᠬᠦ ᠲᠥᠰᠦᠯ ᠢ ᠬᠢᠨᠠᠨ ᠵᠦᠪᠯᠡᠵᠦ ᠪᠠᠲᠤᠯᠠᠭᠠᠳ᠂ ᠠᠰᠠᠭᠤᠳᠠᠯ ᠤᠨ   ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠳᠣᠷᠬᠠᠶ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠪᠠ᠃      ᠬᠤᠶᠠᠷ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ      ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠯᠢᠨᠰᠢ ᠰᠢᠶᠠᠨ ᠳᠤ 1 ᠲᠠᠯ᠎ᠠ ᠶᠢᠨ 1 ᠠᠰᠠᠭᠤᠳᠠᠯ ᠢ ᠬᠠᠷᠢᠭᠤ ᠲᠤᠰᠬᠠᠪᠠ᠃ ᠤᠳᠤ ᠪᠣᠯᠲᠠᠯ᠎ᠠ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃      ︽ᠵᠠᠷᠢᠮ ᠡᠭᠦᠷᠭᠡ ᠴᠢᠳᠠᠪᠬᠢᠳᠤ ᠰᠠᠯᠠᠭ᠎ᠠ ᠮᠥᠴᠢᠷ ᠵᠠᠷᠴᠢᠮᠴᠢ ᠴᠢᠨᠠᠷ ᠢᠶᠠᠷ ᠴᠢᠩᠭ᠎ᠠ ᠪᠢᠰᠢ᠂ ᠨᠡᠭᠦᠷᠡᠰᠦᠨ ᠤ ᠠᠵᠤ ᠠᠬᠤᠶᠢᠯᠠᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠴᠢᠩᠭ᠎ᠠ ᠪᠢᠰᠢ︾ ᠪᠠᠶᠢᠬᠤ ᠠᠰᠠᠭᠤᠳᠠᠯ ᠤᠨ ᠲᠤᠬᠠᠢ᠃ ᠨᠢᠭᠡ ᠳᠤ ᠳᠠᠷᠣᠶᠢᠬᠠᠨ ᠬᠡᠷᠡᠭᠵᠢᠭᠦᠯᠵᠦ ᠳᠠᠷᠣᠶᠢᠬᠠᠨ ᠥᠭᠡᠷᠡᠴᠢᠯᠡᠬᠦ ᠶᠢ ᠪᠠᠷᠢᠮᠲᠠᠯᠠᠨ᠎ᠠ᠃ ᠠᠭᠤᠷᠬᠠᠶ ᠶᠢᠨ ᠭᠸᠣᠯᠣᠭᠢ ᠤᠨ ᠣᠷᠴᠢᠨ ᠲᠣᠭᠤᠷᠢᠨ ᠢ ᠰᠡᠷᠭᠦᠭᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠯᠢᠨᠰᠢ ᠶᠢᠨ ᠨᠡᠭᠦᠷᠡᠰᠦᠨ ᠠᠭᠤᠷᠬᠠᠶ ᠶᠢᠨ ᠦᠯᠡᠳᠡᠭᠳᠡᠯ ᠣᠷᠴᠢᠨ ᠲᠣᠭᠤᠷᠢᠨ ᠤ ᠠᠰᠠᠭᠤᠳᠠᠯ ᠳᠤ ᠰᠡᠷᠭᠦᠭᠡᠨ ᠵᠠᠰᠠᠯᠲᠠ ᠬᠢᠵᠦ᠂ ᠭᠸᠣᠯᠣᠭᠢ ᠤᠨ ᠭᠠᠮᠰᠢᠭ ᠤᠨ ᠳᠠᠯᠳᠠ ᠭᠡᠮ ᠢ ᠠᠷᠢᠯᠭᠠᠭᠰᠠᠨ ᠪᠥᠭᠡᠳ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ  ᠰᠢᠯᠭᠠᠯᠲᠠ ᠪᠠᠷ ᠪᠠᠲᠣᠯᠠᠭᠰᠠᠨ ᠪᠠᠶᠢᠨ᠎ᠠ᠃ ᠬᠤᠶᠠᠷ ᠲᠤ ᠵᠣᠬᠢᠴᠠᠭᠤᠯᠤᠨ ᠵᠠᠰᠠᠬᠤ ᠬᠡᠷᠡᠭᠲᠡᠶ᠃ ᠵᠠᠰᠠᠯᠲᠠ ᠶᠢᠨ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ 2020 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ᠤᠤᠯ ᠤᠨ ᠯᠢᠨᠰᠢ ᠨᠡᠭᠦᠷᠡᠰᠦᠨ ᠠᠭᠤᠷᠬᠠᠶ ᠶᠢᠨ ᠡᠷᠬᠢᠨ ᠲᠣᠭᠤᠷᠢᠨ ᠳᠤ ᠡᠪᠳᠡᠭᠳᠡᠭᠰᠡᠨ ᠣᠷᠣ ᠮᠥᠷ ᠲᠠᠢ ᠪᠠᠶᠢᠬᠤ ᠶᠢ ᠵᠠᠰᠠᠬᠤ ᠠᠵᠢᠯ ᠢ ᠪᠡᠶᠡᠯᠡᠭᠦᠯᠵᠦ ᠂ ᠤᠤᠯ ᠤᠨ ᠯᠢᠨᠰᠢ ᠨᠡᠭᠦᠷᠡᠰᠦᠨ ᠠᠭᠤᠷᠬᠠᠶ ᠶᠢᠨ ᠵᠠᠰᠠᠯᠲᠠ ᠶᠢᠨ ᠣᠷᠣᠨ ᠢ ᠡᠷᠬᠢᠨ ᠲᠣᠭᠤᠷᠢᠨ ᠤ ᠭᠠᠵᠠᠷ ᠤᠨ ᠭᠠᠳᠠᠷᠭᠤ ᠲᠠᠢ ᠬᠠᠷᠢᠯᠴᠠᠨ ᠵᠣᠬᠢᠴᠠᠭᠤᠯᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠦᠳᠲᠡᠷ ᠲᠦᠷᠭᠡᠨ ᠰᠡᠷᠭᠦᠭᠡᠬᠦ ᠶᠢ ᠠᠬᠢᠭᠤᠯᠵᠠᠢ᠃ ᠭᠤᠷᠪᠠ ᠳᠤ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠯᠢᠨᠰᠢ ᠰᠢᠶᠠᠨ ᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠥᠳᠡᠯᠦᠩᠭᠦᠶ ᠲᠣᠭᠤᠷᠢᠨ ᠪᠠᠶᠢᠴᠠᠭᠠᠬᠤ ᠳᠦᠷᠢᠮ︾ ᠪᠣᠯᠤᠨ ︽ᠯᠢᠨᠰᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠢ ᠲᠣᠭᠤᠷᠢᠨ ᠪᠠᠶᠢᠴᠠᠭᠠᠬᠤ ᠳᠦᠷᠢᠮ︾ ᠢ ᠨᠡᠶᠢᠲᠡᠯᠡᠵᠦ᠂ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠢᠴᠡᠳᠬᠡᠵᠦ᠂ ᠠᠵᠢᠯ ᠤᠨ ᠵᠢᠷᠤᠮᠵᠢᠯ ᠲᠠᠢ ᠥᠷᠨᠢᠬᠦ ᠶᠢ ᠠᠬᠢᠭᠤᠯᠪᠠ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ      ᠲᠠᠷᠠᠭᠠᠴᠢ ᠶᠢᠨ ᠠᠯᠬᠤᠮ ᠳᠤ᠂ ᠯᠢᠨᠰᠢ ᠰᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠰᠢᠶᠠᠨ ᠤ ᠠᠭᠤᠷᠬᠠᠶ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠠᠶᠢᠨ ᠰᠠᠶᠢᠬᠠᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠲᠤᠰᠬᠠᠶ ᠴᠡᠭᠴᠡᠯᠡᠨ ᠵᠠᠰᠠᠬᠤ ᠠᠵᠢᠯ ᠢ ᠲᠥᠪ ᠤᠨ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ ᠭᠠᠷᠳᠠᠴᠠ ᠪᠣᠯᠭᠠᠵᠤ᠂ ᠨᠢᠭᠡᠳᠦᠯᠲᠡᠶ ᠲᠥᠯᠥᠪᠵᠢᠭᠦᠯᠦᠨ  ᠨᠡᠶᠢᠳᠡᠮ ᠳᠤᠨᠢ ᠬᠠᠷᠠᠭᠠᠯᠵᠠᠬᠤ᠂ ᠠᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ  ᠠᠬᠢᠭᠤᠯᠣᠨ᠎ᠠ᠃      ᠥᠷᠭᠡᠨ ᠤᠯᠠᠨ ᠺᠠᠳ᠋ᠷ ᠤᠯᠠᠨ ᠲᠦᠮᠡᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ  ᠪᠠᠶᠢᠪᠠᠯ ᠴᠠᠭ ᠲᠤᠬᠠᠶ ᠳᠤ ᠨᠢ ᠪᠢᠳᠡᠨ ᠳᠤ ᠮᠡᠳᠡᠭᠳᠡᠭᠡᠷᠡᠶ᠃                           ᠬᠠᠷᠢᠯᠴᠠᠬᠤ ᠤᠲᠠᠰᠤ᠄ 0476 - 5316780                           ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠨᠰᠢ ᠰᠢᠶᠠᠨ ᠤ ᠬᠤᠷᠢᠶ᠎ᠠ                           2021 ᠣᠨ ᠤ 3 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号