ᠱᠡᠭᠡᠷᠲᠦ ᠰᠢᠶᠠᠩ᠄ ᠪᠣᠬᠢᠷᠲᠤᠯ ᠥᠬᠡᠶ ᠠᠮᠢ ᠠᠬᠤᠶ ᠨᠢ ᠣᠶᠢᠵᠢᠭᠤᠯᠤᠯᠲᠠ ᠪᠠᠷ ᠣᠷᠢᠳᠠᠯ ᠪᠣᠯᠭᠠᠨ᠎ᠠ
ᠨᠡᠶᠢᠲᠡᠯᠡᠭᠰᠡᠨ ᠴᠠᠭ᠄
2021/4/21
     ᠤᠢᠢᠷ᠎ᠠ ᠶᠢᠨ ᠵᠢᠯ ᠠᠴᠠ᠂ ᠱᠡᠭᠡᠷᠲᠦ ᠰᠢᠶᠠᠩ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠶᠢᠨ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠤᠢ ᠰᠢᠭᠤᠢ ᠶᠢᠨ ᠰᠠᠭᠤᠷᠢ ᠶᠢ ᠴᠢᠩᠭᠠᠳᠬᠠᠵᠤ᠂ ᠠᠵᠤ ᠠᠬᠤᠢ ᠶᠢᠨ ᠤᠢ ᠶᠢᠨ ᠪᠠᠬᠢᠯᠡᠯᠲᠡ ᠶᠢ ᠪᠠᠬᠢᠵᠢᠭᠦᠯᠬᠦ ᠶᠢᠨ ᠲᠥᠯᠥᠭᠡ᠂ ᠲᠤᠰ ᠰᠠᠷ᠎ᠠ ᠶᠢᠨ ᠳᠤᠮᠳᠠᠴᠢ ᠠᠴᠠ ᠡᠬᠢᠯᠡᠨ᠂ ᠱᠡᠭᠡᠷᠲᠦ ᠰᠢᠶᠠᠩ ᠤᠨ ᠮᠣᠳᠣ ᠲᠠᠷᠢᠵᠤ ᠣᠶᠢᠵᠢᠭᠤᠯᠬᠤ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ᠃ ᠲᠥᠷᠥᠯ ᠵᠦᠢᠯ ᠳᠤ ᠲᠠᠴᠢᠷᠳᠠᠭᠰᠠᠨ ᠣᠶ ᠶᠢ ᠥᠭᠡᠷᠡᠴᠢᠯᠡᠬᠦ᠂ ᠠᠵᠤ ᠠᠬᠤᠶ ᠶᠢᠨ ᠣᠶ ᠶᠢ ᠨᠥᠬᠦᠵᠦ ᠳᠠᠷᠢᠬᠤ᠂ ᠠᠵᠤ ᠠᠬᠤᠶ ᠶᠢᠨ ᠲᠠᠷᠢᠮᠠᠯ ᠢ ᠥᠭᠡᠷᠡᠴᠢᠯᠡᠵᠦ ᠵᠠᠯᠭᠠᠯᠳᠤᠭᠤᠯᠬᠤ ᠵᠡᠷᠭᠡ ᠠᠭᠤᠯᠭ᠎ᠠ ᠶᠢ ᠪᠠᠭᠲᠠᠭᠠᠵᠤ᠂ ᠨᠡᠶᠢᠲᠡ 450 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ ᠪᠤᠶᠤ ᠨᠥᠬᠦᠵᠦ ᠳᠠᠷᠢᠭᠰᠠᠨ ᠣᠶᠢᠲᠤ ᠭᠠᠵᠠᠷ ᠤᠨ ᠲᠠᠯᠠᠪᠠᠶ ᠨᠡᠶᠢᠲᠡ 6000 ᠮᠥ ᠪᠠᠶᠢᠵᠤ᠂ ᠡᠭᠦᠨ ᠳᠤ᠂ ᠤᠯᠠᠭᠠᠨ ᠭᠤᠤ ᠲᠣᠰᠬᠤᠨ᠂ ᠱᠡᠭᠡᠷᠲᠦ ᠲᠣᠰᠬᠤᠨ᠂ ᠰᠦ᠋ ᠰᠢ ᠲᠠᠢ ᠲᠣᠰᠬᠤᠨ ᠳᠤ 1500 ᠮᠥ ᠲᠠᠴᠢᠷᠳᠠᠭᠰᠠᠨ ᠣᠶ ᠶᠢ ᠥᠭᠡᠷᠡᠴᠢᠯᠡᠵᠦ᠂ ᠵᠧᠨ ᠳᠧᠦ ᠭᠸᠤ ᠲᠣᠰᠬᠤᠨ ᠳᠤ 2000 ᠮᠥ ᠠᠵᠤ ᠠᠬᠤᠶ ᠶᠢᠨ ᠣᠶ ᠶᠢ ᠨᠥᠬᠦᠵᠦ ᠳᠠᠷᠢᠨ᠎ᠠ᠂ ᠬᠤᠶᠠᠷ ᠵᠦᠢᠯ ᠢ ᠵᠢᠱᠢᠯᠲᠡ ᠪᠠᠷ 5 ᠰᠠᠷ᠎ᠠ ᠶᠢᠨ ᠡᠬᠢ ᠪᠠᠷ ᠪᠡᠶᠡᠯᠡᠭᠦᠯᠦᠨ᠎ᠡ︔ ᠤᠯᠠᠭᠠᠨ ᠭᠤᠤ ᠲᠣᠰᠬᠤᠨ ᠳᠤ ︽ᠬᠡᠭᠡᠷ᠎ᠡ ᠶᠢᠨ ᠭᠦᠢᠯᠡᠰᠦ ᠶᠢ ᠬᠠᠪᠲᠠᠭᠠᠶ ᠭᠦᠢᠯᠡᠰᠦ ᠪᠣᠯᠭᠠᠨ ᠦᠭᠡᠷᠴᠢᠯᠡᠨ ᠵᠠᠯᠭᠠᠬᠤ︾ ᠲᠥᠷᠥᠯ ᠵᠦᠢᠯ ᠢ 2000 ᠮᠦ ᠬᠡᠷᠡᠭᠵᠢᠭᠦᠯᠵᠦ᠂ ᠭᠤᠷᠪᠠᠨ ᠵᠢᠯ ᠬᠤᠪᠢᠶᠠᠨ ᠪᠡᠶᠡᠯᠡᠭᠦᠯᠵᠦ᠂ ᠣᠳᠣᠬᠠᠨ ᠳᠤ ᠨᠢᠭᠡᠨᠲᠡ ᠶᠣᠵᠣᠭᠤᠷ ᠢ ᠨᠢ ᠲᠡᠭᠰᠢᠯᠡᠵᠦ᠂ ᠵᠢᠱᠢᠯᠲᠡ ᠪᠠᠷ ᠡᠨᠡ ᠵᠢᠯ ᠤᠨ 7 ᠰᠠᠷ᠎ᠠ ᠶᠢᠨ ᠰᠡᠭᠦᠯᠴᠢ ᠪᠠᠷ ᠪᠦᠰᠡᠯᠡᠨ ᠪᠢᠲᠡᠭᠦᠮᠵᠢᠯᠡᠬᠦ ᠪᠣᠯᠤᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号