4 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠳᠤ | ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ 4.28 | ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠮᠥᠩᠭᠦ ᠶᠢ ᠪᠠᠭᠤᠯᠭᠠᠵᠤ᠂ ᠪᠥᠬᠦ ᠣᠷᠣᠨ ᠤ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃ | ᠣᠶᠢᠯᠠᠭᠠᠭᠰᠠᠨ ᠢᠶᠠᠷ᠂ ᠡᠯ᠎ᠡ ᠭᠠᠵᠠᠷ ᠤᠨ ᠬᠢᠨ ᠪᠠᠭᠤᠯᠭᠠᠭᠰᠠᠨ ᠶᠠᠳᠠᠭᠤ ᠬᠦᠴᠢᠷᠳᠡᠯᠲᠡᠢ ᠣᠯᠠᠨ ᠲᠦᠮᠡᠨ ᠢ | ᠠᠪᠤᠷᠠᠨ ᠲᠤᠰᠠᠯᠠᠬᠤ ᠨᠥᠬᠦᠪᠥᠷᠢ ᠶᠢᠨ ᠮᠥᠩᠭᠦ ᠶᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ | ᠲᠤᠰᠠᠯᠠᠬᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ᠂ ᠥᠨᠥᠴᠢᠨ ᠬᠡᠤᠬᠡᠳ ᠪᠠ | ᠦᠨᠡᠨ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠵᠡᠷᠭᠡ | ᠵᠠᠷᠤᠯᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ | ᠮᠡᠳᠡᠭᠳᠡᠯ ᠳᠤ ᠱᠠᠭᠠᠷᠳᠠᠬᠤ ᠳᠤ ᠪᠠᠨ᠂ ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠳ ᠣᠳᠣᠬᠠᠨ ᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢ ᠴᠠᠭ ᠲᠤᠬᠠᠶ ᠳᠤ ᠨᠢ | ᠢᠯᠡᠷᠡᠭᠦᠯᠵᠦ᠂ ᠠᠰᠠᠭᠤᠳᠠᠯ ᠢ ᠣᠨᠢᠯᠠᠨ᠂ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠣᠯᠠᠨ | ᠲᠦᠮᠡᠨ ᠢ ᠠᠪᠤᠷᠠᠨ ᠲᠤᠰᠠᠯᠠᠬᠤ ᠠᠵᠢᠯ ᠤᠨ ᠲᠠᠰᠤᠷᠠᠯᠲᠠ ᠥᠬᠡᠶ ᠤᠷᠤᠭᠰᠢ ᠬᠥᠭᠵᠢᠬᠦ ᠶᠢ ᠠᠬᠢᠭᠤᠯᠬᠤ ᠬᠡᠷᠡᠭᠲᠡᠶ︔ | ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ︾ | ᠵᠠᠷᠴᠢᠮ ᠶᠣᠰᠣᠭᠠᠷ᠂ ᠪᠠᠲᠤᠯᠠᠭ᠎ᠠ ᠶᠢᠨ ᠡᠲᠡᠭᠡᠳ ᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠬᠤ ᠠᠵᠢᠯ ᠢ | ᠴᠢᠩᠭ᠎ᠠ ᠰᠠᠶᠢᠲᠤᠷ ᠬᠢᠬᠦ ᠬᠡᠷᠡᠭᠲᠡᠶ︔ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ | ᠲᠤᠰᠠᠯᠠᠮᠵᠢ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠲᠥᠰᠦᠪ ᠤᠨ ᠭᠦᠢᠴᠡᠳᠬᠡᠯ ᠢ ᠲᠦᠷᠭᠡᠳᠬᠡᠨ ᠬᠡᠷᠡᠭᠵᠢᠭᠦᠯᠵᠦ᠂ ᠪᠠᠯᠠ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ | ᠳᠡᠭᠡᠭᠰᠢᠯᠡᠭᠦᠯᠦᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠴᠠᠭ | ᠲᠤᠬᠠᠶ ᠳᠤ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ ᠬᠡᠷᠡᠭᠲᠡᠶ ᠭᠡᠵᠡᠢ᠃ |